ᠥᠪᠥᠷ ᠮᠣᠩᠭᠤᠯ ᠤᠨ ᠡᠩ ᠤᠨ ᠳᠡᠭᠡᠳᠦ ᠰᠤᠷᠭᠠᠭᠤᠯᠢ ᠨᠤᠭᠤᠳ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠭᠢ ᠡᠯᠰᠡᠬᠦ ᠬᠡᠵᠤ ᠪᠤᠢ  ᠨᠡᠷ᠎ᠡ ᠮᠡᠳᠡᠭᠦᠯᠬᠦ ᠠᠵᠢᠯ ᠶᠠᠭ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2016/4/8
     ᠣᠳᠣᠬᠠᠨ ᠳᠤ ᠥᠪᠥᠷ ᠮᠣᠩᠭᠤᠯ ᠤᠨ ᠡᠩ ᠤᠨ ᠳᠡᠭᠡᠳᠦ ᠰᠤᠷᠭᠠᠭᠤᠯᠢ ᠨᠤᠭᠤᠳ ᠦᠨᠳᠦᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠡᠯᠰᠡᠬᠦ ᠨᠡᠷ᠎ᠡ ᠮᠡᠳᠡᠭᠦᠯᠬᠦ ᠠᠵᠢᠯ ᠶᠠᠭ ᠶᠠᠪᠤᠭᠳᠠᠵᠤ ᠪᠠᠶᠢᠨ᠎ᠠ᠂ 5 ᠳ᠋ᠤᠭᠠᠷ ᠰᠠᠷ᠎ᠠ ᠶᠢᠨ 5᠎ ᠤ ᠡᠳᠦᠷ ᠠᠴᠠ 15᠎ ᠤ ᠡᠳᠦᠷ ᠪᠤᠯᠲᠠᠯ᠎ᠠ ᠪᠡᠶ᠎ᠡ ᠶᠢᠨ ᠲᠠᠮᠢᠷ ᠤᠨ ᠰᠢᠯᠭᠠᠯᠲᠠ ᠬᠢᠨ᠎ᠡ᠃ ᠥᠨᠳᠥᠷ ᠬᠢᠷᠢ ᠲᠦᠪᠰᠢᠨ ᠎ ᠲᠠᠢ ᠲᠠᠮᠢᠷᠴᠢᠨ ᠤ ᠠᠩᠭᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠨᠡᠯᠢᠶᠡᠳ ᠥᠨᠳᠥᠷ ᠬᠡᠮᠵᠢᠶᠡᠨ ᠳᠤ ᠬᠦᠷᠬᠦ ᠴᠢᠬᠤᠯᠠᠲᠠᠢ ᠤᠴᠢᠷ ᠠᠴᠠ᠂ ᠨᠡᠷ᠎ᠡ ᠮᠡᠳᠡᠭᠦᠯᠬᠦ᠂ ᠰᠢᠯᠭᠠᠬᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠤᠷᠤᠯᠴᠠᠬᠤ ᠵᠡᠷᠭᠡ ᠬᠡᠳᠦᠨ ᠭᠤᠭᠴᠤᠭ᠎ᠠ ᠶᠢᠨ ᠴᠢᠩᠭ᠎ᠠ ᠰᠢᠯᠢᠨ ᠰᠤᠩᠭᠤᠯᠲᠠ ᠪᠠᠷ ᠳᠠᠮᠵᠢᠪᠠᠯ ᠰᠠᠶ᠋ᠢ ᠳᠡᠭᠡᠳᠦ ᠰᠤᠷᠭᠠᠭᠤᠯᠢ ᠨᠤᠭᠤᠳ ᠲᠤ ᠤᠷᠤᠭᠰᠢᠲᠠᠶ ᠡᠯᠰᠡᠭᠳᠡᠬᠦ ᠪᠤᠯᠤᠨ᠎ᠠ᠃ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠭᠢ ᠶᠢᠨ ᠰᠤᠷᠤᠭᠴᠢ ᠡᠯᠰᠡᠬᠦ ᠬᠡᠪᠴᠢᠶ᠎ᠡ ᠶᠢ ᠳᠡᠭᠡᠳᠦ ᠰᠤᠷᠭᠠᠭᠤᠯᠢ ᠨᠤᠭᠤᠳ ᠤᠨ ᠳᠡᠭᠡᠷ᠎ᠡ ᠨᠢᠭᠡ ᠵᠢᠯ ᠤᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠲᠥᠯᠥᠪᠯᠡᠭᠡ ᠶᠢᠨ ᠪᠦᠬᠦ ᠲᠣᠭᠠᠨ ᠤ 1%᠎ ᠠᠴᠠ ᠬᠡᠲᠦᠷᠡᠭᠦᠯᠵᠦ ᠪᠣᠯᠬᠤ ᠦᠭᠡᠢ ᠮᠦᠷᠲᠡᠭᠡᠨ ᠰᠤᠷᠭᠠᠨ ᠬᠥᠮᠦᠵᠢᠯ ᠤᠨ ᠶᠠᠮᠤᠨ ᠠᠴᠠ ᠵᠦᠪᠰᠢᠶᠡᠷᠡᠨ ᠨᠡᠶᠢᠲᠡᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠤᠨ ᠬᠡᠪᠴᠢᠶᠡᠨ ᠳᠣᠲᠣᠷ᠎ᠠ ᠰᠤᠷᠤᠭᠴᠢ ᠡᠯᠰᠡᠬᠦ ᠬᠡᠷᠡᠭᠲᠠᠢ᠃      ᠣᠶᠢᠯᠠᠭᠠᠭᠰᠠᠨ ᠢᠶᠠᠷ᠂ ᠰᠢᠯᠭᠠᠭᠤᠯᠤᠭᠰᠠᠳ ᠳᠡᠭᠡᠳᠦ ᠰᠤᠷᠭᠠᠭᠤᠯᠢ ᠨᠤᠭᠤᠳ ᠤᠨ ᠲᠣᠭᠲᠠᠭᠠᠭᠰᠠᠨ ᠨᠡᠷ᠎ᠡ ᠮᠡᠳᠡᠭᠦᠯᠬᠦ ᠨᠥᠬᠦᠴᠡᠯ ᠢ ᠦᠨᠳᠦᠰᠦᠯᠡᠨ᠂ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠲᠠᠮᠢᠷᠴᠢᠨ ᠤ ᠠᠩᠬᠢ ᠶᠢᠨ ᠬᠠᠮᠢᠶ᠎ᠠ ᠪᠦᠬᠦᠢ ᠲᠦᠷᠦᠯ ᠵᠦᠢᠯ ᠤᠨ ᠲᠤᠰᠬᠠᠶ ᠮᠡᠷᠭᠡᠵᠢᠯ ᠤᠨ ᠰᠢᠯᠭᠠᠯᠲᠠ ᠳᠤ ᠤᠷᠤᠯᠴᠠᠬᠤ ᠪᠠᠷ ᠭᠤᠶᠤᠴᠢᠯᠠᠨ᠎ᠠ︔ ᠳᠡᠭᠡᠳᠦ ᠰᠤᠷᠭᠠᠭᠤᠯᠢ ᠨᠤᠭᠤᠳ ᠰᠢᠯᠭᠠᠯᠲᠠ ᠶᠢᠨ ᠬᠢᠷᠢ ᠪᠦᠲᠦᠮᠵᠢ ᠶᠣᠰᠣᠭᠠᠷ ᠰᠢᠯᠢᠳᠡᠭ ᠢ ᠨᠢ ᠰᠣᠩᠭᠤᠵᠤ ᠬᠢᠷᠢ ᠲᠡᠩᠴᠡᠭᠰᠡᠨ ᠰᠤᠷᠤᠭᠴᠢᠳ ᠤᠨ ᠨᠡᠷᠡᠰ ᠵᠢᠴᠢ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠬᠠᠷᠠᠭᠠᠯᠵᠠᠯ ᠬᠦᠷᠲᠡᠬᠦ ᠳᠤ ᠲᠤᠬᠢᠷᠠᠭᠰᠠᠨ ᠰᠤᠷᠤᠬᠴᠢ ᠡᠯᠰᠡᠬᠦ ᠱᠠᠭᠠᠷᠳᠠᠯᠭ᠎ᠠ ᠶᠢ ᠲᠣᠭᠲᠠᠭᠠᠬᠤ ᠶᠢᠨ ᠬᠠᠮᠲᠤ ᠵᠠᠷᠯᠠᠨ ᠨᠡᠶᠢᠲᠡᠯᠡᠵᠦ᠂ ᠬᠢᠷᠢ ᠲᠡᠩᠴᠡᠭᠰᠡᠨ ᠰᠤᠷᠤᠭᠴᠢ ᠶᠢᠨ ᠲᠤᠭ᠎ᠠ ᠶᠢ ᠰᠤᠷᠭᠠᠭᠤᠯᠢ ᠶᠢᠨ ᠲᠠᠮᠢᠷᠴᠢᠨ ᠤ ᠠᠩᠭᠢ ᠶᠢᠨ ᠰᠤᠷᠤᠭᠴᠢ ᠡᠯᠰᠡᠬᠦ ᠲᠥᠯᠥᠪᠯᠡᠭᠡ ᠶᠢᠨ ᠬᠤᠶᠠᠷ ᠳᠠᠬᠢᠨ ᠠᠴᠠ ᠬᠡᠲᠦᠷᠡᠬᠦᠯᠵᠤ ᠪᠤᠯᠬᠤ ᠦᠭᠡᠢ︔ ᠲᠤᠰᠬᠠᠶ ᠮᠡᠷᠭᠡᠵᠢᠯ ᠤᠨ ᠰᠢᠯᠭᠠᠯᠲᠠ ᠳᠤ ᠬᠢᠷᠢ ᠲᠡᠩᠴᠡᠵᠤ᠂ ᠳᠡᠭᠡᠳᠦ ᠰᠤᠷᠭᠠᠭᠤᠯᠢ ᠨᠤᠭᠤᠳ ᠲᠤ ᠡᠯᠰᠡᠬᠦ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠨᠢ ᠡᠯᠰᠡᠬᠦ ᠱᠠᠭᠠᠷᠳᠠᠯᠭ᠎ᠠ ᠳᠤ ᠬᠦᠷᠦᠭᠰᠡᠨ ᠪᠥᠭᠡᠳ ᠲᠣᠭᠲᠠᠭᠠᠯ ᠶᠣᠰᠣᠭᠠᠷ᠂ ᠳᠡᠭᠡᠳᠦ ᠰᠤᠷᠭᠠᠭᠤᠯᠢ ᠎ ᠨᠤᠭᠤᠳ ᠲᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠤᠨ ᠰᠢᠯᠢᠳᠡᠭ ᠢ ᠨᠢ ᠰᠣᠩᠭᠤᠵᠤ ᠡᠯᠰᠡᠬᠦ ᠪᠤᠯᠤᠨ᠎ᠠ᠃      ᠳᠡᠭᠡᠳᠦ ᠰᠤᠷᠭᠠᠭᠤᠯᠢ ᠨᠤᠭᠤᠳ ᠲᠤ ᠡᠯᠰᠡᠬᠦ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠱᠠᠭᠠᠷᠳᠠᠯᠭ᠎ᠠ ᠬᠡᠪᠡᠯ᠄ ᠡᠩ ᠤᠨ ᠪᠠᠶᠢᠳᠠᠯ ᠳᠣᠣᠷ᠎ᠠ ᠰᠤᠷᠤᠭᠴᠢ ᠶᠢᠨ ᠢᠷᠡᠯᠲᠡ ᠶᠢᠨ ᠮᠤᠵᠢ ᠣᠷᠣᠨ ᠤ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠳᠠᠭ᠎ᠠ ᠡᠯᠰᠡᠬᠦ ᠬᠤᠪᠢ ᠶᠢᠨ ᠱᠤᠭᠤᠮ ᠠᠴᠠ ᠳᠤᠤᠷ᠎ᠠ ᠪᠠᠶᠢᠵᠤ ᠪᠣᠯᠬᠤ ᠦᠭᠡᠢ︔ ᠴᠥᠭᠡᠨ ᠲᠣᠭᠠᠨ ᠤ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠣᠨᠴᠠ ᠰᠠᠶᠢᠨ ᠰᠢᠯᠭᠠᠭᠤᠯᠤᠭᠰᠠᠳ ᠲᠤ᠂ ᠳᠡᠭᠡᠳᠦ ᠰᠤᠷᠭᠠᠭᠤᠯᠢ ᠨᠤᠭᠤᠳ ᠠᠴᠠ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠂ ᠭᠡᠪᠡᠴᠦ ᠰᠤᠷᠤᠭᠴᠢ ᠶᠢᠨ ᠢᠷᠡᠯᠲᠡ ᠶᠢᠨ ᠮᠤᠵᠢ ᠣᠷᠣᠨ ᠤ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠳᠠᠭ᠎ᠠ ᠡᠯᠰᠡᠬᠦ ᠬᠤᠪᠢ ᠶᠢᠨ ᠱᠤᠭᠤᠮ ᠤᠨ 65%᠎ ᠠᠴᠠ ᠳᠤᠤᠤᠭᠤᠷ ᠪᠠᠶᠢᠯᠭᠠᠵᠤ ᠪᠣᠯᠬᠤ ᠦᠭᠡᠢ ᠂ ᠳᠡᠭᠡᠳᠦ ᠰᠤᠷᠭᠠᠭᠤᠯᠢ ᠨᠤᠭᠤᠳ ᠤᠨ ᠨᠡᠶᠢᠲᠡᠯᠡᠭᠰᠡᠨ ᠲᠤᠰ ᠲᠥᠷᠥᠯ ᠤᠨ ᠰᠢᠯᠭᠠᠭᠤᠯᠤᠭᠰᠠᠳ ᠤᠨ ᠬᠦᠮᠦᠨ ᠤ ᠲᠤᠭ᠎ᠠ ᠨᠢ ᠲᠤᠬᠠᠶ ᠶᠢᠨ ᠵᠢᠯ ᠤᠨ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠭᠢ ᠶᠢᠨ ᠰᠤᠷᠤᠭᠴᠢ ᠡᠯᠰᠡᠬᠦ ᠲᠥᠯᠥᠪᠯᠡᠭᠡ ᠶᠢᠨ 30%᠎ ᠠᠴᠠ ᠬᠡᠲᠦᠷᠡᠭᠦᠯᠵᠤ ᠪᠣᠯᠬᠤ ᠦᠭᠡᠶ︔ ᠵᠢᠩᠬᠢᠨᠢ ᠠᠩᠭᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠡᠶᠢᠯᠡᠭᠦᠯᠦᠭᠰᠡᠨ ᠮᠤᠵᠢ ᠤᠷᠤᠨ᠂ ᠮᠤᠵᠢ ᠶᠢᠨ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠤᠭᠤᠳ ᠳᠡᠭᠡᠳᠦ ᠰᠤᠷᠭᠠᠭᠤᠯᠢ ᠨᠤᠭᠤᠳ ᠤᠨ ᠲᠠᠮᠢᠷᠴᠢᠨ ᠤ ᠠᠩᠭᠢ ᠡᠯᠰᠡᠬᠦ ᠬᠤᠪᠢ ᠶᠢᠨ ᠱᠤᠭᠤᠮ ᠢ ᠶᠡᠷᠦᠩᠭᠡᠶᠢᠯᠡᠨ ᠪᠤᠳᠤᠯᠬᠢᠯᠠᠵᠤ ᠪᠠᠶᠢᠭᠠᠳ ᠵᠠᠭᠠᠭᠯᠠᠨ ᠲᠤᠭᠲᠠᠭᠠᠬᠤ ᠬᠡᠷᠡᠭᠲᠠᠢ᠂ ᠵᠠᠷᠴᠢᠮ ᠳᠡᠭᠡᠷ᠎ᠡ ᠪᠠᠨ ᠨᠡᠶᠢᠯᠡᠭᠦᠯᠦᠭᠰᠡᠨ ᠪᠦᠯᠦᠭ ᠤᠳᠠᠭ᠎ᠠ ᠠᠴᠠ ᠡᠮᠦᠨᠡᠬᠢ ᠱᠠᠭᠠᠷᠳᠠᠯᠭ᠎ᠠ ᠠᠴᠠ  ᠳᠤᠤᠭᠤᠷ ᠪᠠᠶᠢᠯᠭᠠᠵᠤ ᠪᠣᠯᠬᠤ ᠦᠭᠡᠢ︔ ᠳᠡᠭᠡᠳᠦ ᠵᠡᠷᠭᠡ ᠶᠢᠨ ᠲᠤᠷᠰᠢᠯᠲᠠ ᠶᠢᠨ ᠰᠤᠷᠭᠠᠭᠤᠯᠢ ᠶᠢᠨ ᠲᠠᠮᠢᠷᠴᠢᠨ ᠤ ᠠᠩᠬᠢ ᠡᠯᠰᠡᠬᠦ ᠳᠡᠭᠡᠨ ᠬᠢᠵᠠᠭᠠᠷᠯᠠᠬᠤ ᠬᠤᠪᠢ ᠶᠢᠨ ᠱᠤᠭᠤᠮ ᠢ ᠯᠠᠪᠯᠠᠵᠤ ᠲᠡᠭᠦᠨ ᠠᠴᠠ ᠳᠤᠤᠭᠤᠷ ᠪᠠᠶᠢᠵᠤ ᠪᠤᠯᠬᠤ ᠦᠭᠡᠢ᠃        ᠨᠢᠭᠡᠳᠦᠭᠡᠷ ᠳᠡᠰ ᠤᠨ ᠲᠠᠮᠢᠷᠴᠢᠨ᠂ ᠠᠪᠤᠷᠭᠤ ᠲᠠᠮᠢᠷᠴᠢᠨ᠂ ᠣᠯᠠᠨ ᠤᠯᠤᠰ ᠤᠨ ᠠᠪᠤᠷᠭᠤ ᠲᠠᠮᠢᠷᠴᠢᠨ ᠪᠤᠯᠤᠨ ᠵᠡᠪᠰᠡᠭ ᠤᠨ ᠡᠷᠳᠡᠮ ᠤᠨ ᠰᠤᠳᠤ ᠳᠡᠰ ︵ᠪᠤᠶᠤ ᠲᠡᠭᠦᠨ ᠠᠴᠠ ᠳᠡᠭᠡᠭᠰᠢ︶ ᠴᠣᠯᠠ ᠲᠠᠢ ᠰᠢᠯᠭᠠᠭᠤᠯᠤᠭᠰᠠᠳ᠂ ᠳᠡᠭᠡᠳᠦ ᠵᠡᠷᠭᠡ ᠶᠢᠨ ᠲᠤᠷᠰᠢᠯᠲᠠ ᠶᠢᠨ ᠰᠤᠷᠭᠠᠭᠤᠯᠢ ᠨᠤᠭᠤᠳ ᠤᠨ ᠵᠣᠬᠢᠶᠠᠨ ᠪᠠᠶᠢᠭᠤᠯᠤᠭᠰᠠᠨ ᠰᠣᠶᠣᠯ ᠤᠨ ᠬᠢᠴᠢᠶᠡᠯ ᠲᠦᠷᠦᠯ ᠤᠨ  ᠰᠢᠯᠭᠠᠯᠲᠠ ᠳᠤ ᠣᠷᠣᠯᠴᠠᠬᠤ ᠪᠠᠷ ᠲᠤᠰᠠᠭᠠᠷ ᠭᠤᠶᠤᠴᠢᠯᠠᠵᠤ ᠪᠣᠯᠤᠨ᠎ᠠ᠂ ᠳᠡᠭᠡᠳᠦ ᠰᠤᠷᠭᠠᠭᠤᠯᠢ ᠎ ᠨᠤᠭᠤᠳ ᠤᠨ ᠲᠤᠭᠲᠠᠭᠠᠨ ᠨᠡᠶᠢᠲᠡᠯᠡᠭᠰᠡᠨ ᠡᠶᠢᠮᠦᠷᠬᠦ ᠲᠦᠷᠦᠯ ᠤᠨ ᠰᠢᠯᠭᠠᠭᠤᠯᠤᠭᠰᠠᠳ ᠢ ᠡᠯᠰᠡᠬᠦ ᠪᠠᠷ ᠲᠥᠯᠥᠪᠯᠡᠵᠦ ᠪᠠᠶᠢᠭ᠎ᠠ ᠲᠤᠭ᠎ᠠ ᠶᠢ ᠰᠤᠷᠭᠠᠭᠤᠯᠢ ᠶᠢᠨ ᠲᠤᠬᠠᠶ ᠶᠢᠨ ᠵᠢᠯ ᠤᠨ ᠲᠠᠮᠢᠷᠴᠢᠨ ᠤ ᠠᠩᠭᠢ ᠶᠢᠨ ᠰᠤᠷᠤᠭᠴᠢ ᠡᠯᠰᠡᠬᠦ ᠲᠥᠯᠥᠪᠯᠡᠭᠡ ᠶᠢᠨ 20%᠎ ᠠᠴᠠ ᠬᠡᠲᠦᠷᠡᠭᠦᠯᠵᠤ ᠪᠣᠯᠬᠤ ᠦᠭᠡᠶ᠃ 2017 ᠣᠨ ᠠᠴᠠ ᠡᠬᠢᠯᠡᠨ᠂ ᠲᠤᠰᠠᠭᠠᠷ ᠭᠤᠶᠤᠴᠢᠯᠠᠭᠰᠠᠨ ᠰᠢᠯᠭᠠᠭᠤᠯᠤᠭᠰᠠᠳ ᠬᠢᠭᠡᠳ ︽ᠡᠩ ᠤᠨ ᠳᠡᠭᠡᠳᠦ ᠰᠤᠷᠭᠠᠭᠤᠯᠢ ᠨᠤᠭᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠬᠢᠭᠡᠳ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ︾᠎ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠰᠣᠶᠣᠯ ᠤᠨ ᠬᠢᠴᠢᠶᠡᠯ ᠤᠨ ᠰᠢᠯᠭᠠᠯᠲᠠ ᠳᠤ ᠬᠠᠮᠲᠤ ᠪᠠᠷ ᠤᠷᠤᠯᠴᠠᠨ᠎ᠠ᠃ ᠲᠠᠮᠢᠷᠴᠢᠨ ᠤ ᠠᠩᠭᠢ ᠳᠤ ᠡᠯᠰᠡᠭᠳᠡᠭᠰᠡᠨ ᠪᠤᠶ ᠪᠦᠬᠦᠢ ᠰᠢᠯᠭᠠᠭᠤᠯᠤᠭᠰᠠᠳ ᠰᠤᠷᠭᠠᠭᠤᠯᠢ ᠳᠤ ᠤᠷᠤᠭᠰᠠᠨ ᠤ ᠳᠠᠷᠠᠭ᠎ᠠ ᠲᠠᠮᠢᠷᠴᠢᠨ ᠤ ᠠᠩᠬᠢ ᠶᠢᠨ ᠵᠢᠭᠠᠨ ᠰᠤᠷᠭᠠᠬᠤ ᠪᠣᠯᠪᠠᠰᠤᠷᠠᠯ ᠪᠠ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠬᠡᠷᠡᠭᠲᠠᠢ᠃ ᠳᠡᠭᠡᠲᠦ ᠵᠡᠷᠭᠡ ᠶᠢᠨ ᠲᠤᠷᠰᠢᠯᠲᠠ ᠶᠢᠨ ᠰᠤᠷᠭᠠᠭᠤᠯᠢ ᠨᠢ ᠡᠯᠰᠡᠬᠦ ᠪᠠᠷ ᠲᠦᠯᠦᠪᠯᠡᠵᠤ ᠪᠠᠶᠢᠭ᠎ᠠ ᠬᠠᠮᠢᠶ᠎ᠠ ᠪᠦᠬᠦᠢ ᠰᠢᠯᠭᠠᠭᠤᠯᠤᠭᠰᠠᠳ ᠲᠠᠢ ᠬᠡᠯᠡᠯᠴᠡᠭᠡᠷ ᠲᠣᠭᠲᠠᠭᠠᠵᠤ᠂ ᠰᠤᠷᠭᠠᠭᠤᠯᠢ ᠳᠤ ᠤᠷᠤᠭᠰᠠᠨ ᠤ ᠳᠠᠷᠠᠭᠠᠬᠢ ᠡᠭᠦᠷᠭᠡ ᠬᠠᠷᠢᠭᠤᠴᠠᠯᠭ᠎ᠠ ᠶᠢ ᠲᠤᠲᠤᠷᠬᠠᠶᠢᠯᠠᠨ᠎ᠠ᠃ ᠰᠢᠯᠭᠠᠭᠤᠯᠤᠭᠰᠠᠳ ᠤᠨ ᠬᠤᠪᠢ ᠬᠥᠮᠦᠨ ᠤ ᠲᠠᠮᠢᠷᠴᠢᠨ ᠤ ᠮᠡᠷᠭᠡᠵᠢᠯ ᠤᠨ ᠳᠡᠰ ᠤᠨ ᠭᠡᠷᠡᠴᠢ ᠪᠢᠴᠢᠭ ᠲᠠᠬᠢ ᠪᠡᠶ᠎ᠡ ᠶᠢᠨ ᠲᠠᠮᠢᠷ ᠤᠨ ᠲᠦᠷᠦᠯ ᠵᠦᠢᠯ ᠨᠢ ᠨᠡᠷ᠎ᠡ ᠮᠡᠳᠡᠭᠦᠯᠦᠭᠰᠡᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠦᠷᠦᠯ ᠵᠦᠢᠯ ᠲᠠᠢ ᠨᠢᠭᠡᠳᠦᠯᠲᠡᠶ ᠪᠠᠶᠢᠬᠤ ᠬᠡᠷᠡᠭᠲᠡᠶ᠃ ᠪᠡᠶ᠎ᠡ ᠶᠢᠨ ᠲᠠᠮᠢᠷ ᠤᠨ ᠲᠤᠰᠬᠠᠶ ᠰᠢᠯᠭᠠᠯᠲᠠ ᠳᠤ ᠤᠷᠤᠯᠴᠠᠬᠤ ᠠᠴᠠ ᠡᠮᠦᠨ᠎ᠡ᠂ ᠰᠢᠯᠭᠠᠯᠲᠠ ᠬᠢᠵᠤ ᠡᠯᠰᠡᠬᠦ ᠳᠡᠭᠡᠳᠦ ᠰᠤᠷᠭᠠᠭᠤᠯᠢ ᠨᠤᠭᠤᠳ ᠠᠴᠠ ᠰᠢᠯᠭᠠᠭᠤᠯᠤᠭᠰᠠᠳ ᠢ ︽ᠬᠥᠭᠡᠷᠦᠯᠲᠡ ᠶᠢᠨ ᠡᠮ ᠢ ᠡᠰᠡᠷᠭᠦᠴᠡᠬᠦ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠭᠤᠯᠤᠨ᠎ᠠ᠂ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢ ᠲᠡᠪᠴᠢᠬᠦ ᠪᠤᠶᠤ ᠬᠥᠭᠡᠷᠦᠯᠲᠡ ᠶᠢᠨ ᠡᠮ ᠤᠨ ᠪᠠᠶᠢᠴᠠᠭᠠᠯᠲᠠ ᠪᠠ ᠰᠤᠭᠤᠴᠢᠨ ᠪᠠᠶᠢᠴᠠᠭᠠᠬᠤ ᠶᠢ ᠦᠯᠦ ᠬᠦᠯᠢᠶᠡᠬᠦ ᠰᠢᠯᠭᠠᠭᠤᠯᠤᠭᠰᠠᠳ ᠢ ᠰᠢᠯᠭᠠᠯᠲᠠ ᠳᠤ ᠤᠷᠤᠯᠴᠠᠬᠤ ᠬᠢᠷᠢ ᠬᠡᠮ ᠢᠶᠠᠨ ᠰᠠᠨᠠᠭᠠᠴᠢᠯᠠᠭ᠎ᠠ ᠠᠴᠠ ᠪᠠᠨ ᠤᠷᠬᠢᠭᠰᠠᠨ ᠢᠶᠠᠷ ᠦᠵᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号