ᠡᠷᠢᠶᠡᠨ ᠬᠤᠲᠠ  ᠪᠣᠭᠤᠮᠲᠠ ᠤᠯᠤᠰ ᠠᠯᠤᠰᠯᠠᠨ ᠡᠷᠬᠡ ᠠᠰᠢᠭ ᠢᠶᠠᠨ ᠬᠠᠮᠠᠭᠠᠯᠠᠬᠤ ᠥᠪᠡᠷᠮᠢᠴᠡ ᠣᠨᠴᠠᠯᠢᠭ ᠢᠶᠠᠷ ᠢᠶᠠᠨ ᠮᠣᠩᠭᠤᠯ ᠤᠯᠤᠰ ᠲᠠᠬᠢ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2016/5/10
     ᠡᠷᠢᠶᠡᠨ ᠬᠤᠳᠠ ᠶᠢᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠪᠣᠯᠤᠨ ᠬᠡᠷᠡᠭᠯᠡᠭᠴᠢᠳ ᠤᠨ ᠨᠡᠶᠢᠭᠡᠮᠯᠢᠭ ᠵᠣᠷᠢᠭᠲᠠᠶ ᠪᠠᠷ ᠦᠢᠯᠡᠳᠦᠯᠭᠡᠵᠢᠭᠦᠯᠦᠨ ᠢᠳᠡᠪᠬᠢᠲᠡᠶ ᠬᠠᠶᠢᠨ ᠰᠦᠪᠡᠭᠴᠢᠯᠡᠵᠦ᠂ ᠤᠯᠤᠰ ᠤᠨ ᠬᠤᠭᠤᠷᠤᠨᠳᠤᠬᠢ ᠡᠷᠬᠡ ᠠᠰᠢᠭ ᠢᠶᠠᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠥᠪᠡᠷᠮᠢᠴᠡ ᠣᠨᠴᠠᠯᠢᠭ ᠪᠦᠬᠦᠢ ᠵᠠᠮ ᠢᠶᠠᠷ ᠵᠠᠮᠨᠠᠭᠠᠳ᠂ ᠮᠣᠩᠭᠤᠯ ᠤᠯᠤᠰ ᠲᠠᠬᠢ ᠡᠷᠢᠶᠡᠨ ᠬᠤᠲᠠ ᠪᠣᠭᠤᠮᠲᠠ ᠶᠢᠨ ᠨᠥᠯᠥᠭᠡᠯᠡᠬᠦ ᠬᠦᠴᠦᠨ ᠢ ᠶᠡᠬᠡᠪᠡᠷ ᠳᠡᠭᠡᠭᠰᠢᠯᠡᠭᠦᠯᠪᠡ᠃ ︽12· 5︾᠎ ᠶᠢᠨ ᠬᠤᠭᠤᠴᠠᠭᠠᠨ ᠳᠤ᠂ ᠡᠷᠢᠶᠡᠨ ᠬᠤᠲᠠ ᠮᠣᠩᠭᠤᠯ ᠤᠯᠤᠰ ᠤᠨ ᠬᠡᠷᠡᠭᠯᠡᠭᠴᠢᠳ ᠤᠨ ᠵᠠᠭᠠᠯᠳᠤᠯᠭ᠎ᠠ ᠶᠢ 142 ᠤᠳᠠᠭ᠎ᠠ ᠬᠦᠯᠢᠶᠡᠨ ᠠᠪᠴᠤ ᠰᠢᠢᠳᠪᠦᠷᠢᠯᠡᠨ᠂  ᠰᠢᠢᠳᠪᠦᠷᠢᠯᠡᠭᠰᠡᠨ ᠨᠤᠷᠮ᠎ᠠ ᠨᠢ 100%᠎ ᠳᠤ ᠬᠦᠷᠴᠦ᠂ 73.3 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠵᠦ ᠠᠪᠴᠢᠷᠠᠪᠠ᠃      ᠳᠤᠮᠳᠠᠳᠤ ᠮᠣᠩᠭᠤᠯ ᠬᠤᠶᠠᠷ ᠬᠡᠯᠡ ᠶᠢᠨ ᠵᠥᠷᠢᠶ᠎ᠡ ᠳᠤ ᠴᠢᠭᠯᠡᠭᠦᠯᠦᠨ᠂ ᠡᠷᠢᠶᠡᠨ ᠬᠤᠳᠠ ᠶᠢᠨ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠥᠩᠭᠡᠷᠡᠭᠰᠡᠨ ᠤ ᠬᠦᠯᠢᠶᠡᠨ ᠠᠪᠴᠤ ᠰᠢᠢᠳᠪᠦᠷᠢᠯᠡᠬᠦ 12315 ᠠᠦ᠋ᠲ᠋ᠤ᠋ ᠲᠠᠪᠴᠠᠩ ᠤᠨ ᠰᠠᠭᠤᠷᠢᠨ ᠳᠡᠭᠡᠷ᠎ᠡ᠂ ᠮᠣᠩᠭᠤᠯ ᠬᠡᠯᠡ ᠪᠠᠷ ᠬᠦᠯᠢᠶᠡᠨ ᠠᠪᠴᠤ ᠰᠢᠢᠳᠪᠦᠷᠢᠯᠡᠬᠦ ᠰᠤᠪᠠᠭ ᠨᠡᠮᠡᠵᠦ᠂ ᠮᠣᠩᠭᠤᠯ ᠤᠯᠤᠰ ᠤᠨ ᠬᠡᠷᠡᠭᠯᠡᠭᠴᠢᠳ ᠤᠨ ᠢᠯᠡᠴᠢᠯᠡᠨ ᠮᠡᠳᠡᠭᠦᠯᠵᠦ ᠵᠠᠭᠠᠯᠳᠤᠬᠤ ᠳᠤ ᠶᠡᠭᠡ ᠪᠠᠷ ᠳᠥᠭᠦᠮ ᠦᠵᠡᠭᠦᠯᠪᠡ᠃ 12315 ᠲᠠᠩᠬᠢᠮ ᠳᠤ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠲᠤᠰᠬᠠᠢ ᠠᠵᠢᠯᠲᠠᠨ ᠲᠣᠬᠢᠷᠠᠭᠤᠯᠤᠨ ᠵᠢᠵᠢᠭᠦᠷᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠭᠠᠵᠠᠷ᠂ ᠡᠯ᠎ᠡ ᠲᠤᠮᠤ ᠬᠤᠳᠠᠯᠳᠤᠭ᠎ᠠ᠂ ᠬᠡᠲᠦ ᠳᠡᠯᠭᠡᠭᠦᠷ᠂ ᠵᠠᠮ ᠤᠨ ᠠᠭᠤᠯᠵᠠᠷ ᠲᠤ ᠬᠢᠲᠠᠳ᠂ ᠮᠣᠩᠭᠤᠯ᠂ ᠰᠯᠠᠸ᠋ ᠭᠤᠷᠪᠠᠨ ᠬᠡᠯᠡ  ᠶᠢ ᠵᠡᠷᠭᠡᠪᠡᠷ ᠬᠡᠷᠡᠭᠯᠡᠭᠰᠡᠨ ᠬᠡᠷᠡᠭᠯᠡᠭᠴᠢᠳ ᠤᠨ ᠵᠠᠭᠠᠯᠳᠤᠯᠭ᠎ᠠ ᠶᠢᠨ  ᠰᠠᠨᠠᠭᠤᠯᠭ᠎ᠠ ᠶᠢᠨ ᠫᠠᠶᠢᠰᠠ ᠪᠣᠰᠬᠠᠵᠤ᠂ ᠮᠣᠩᠭᠤᠯ ᠤᠯᠤᠰ ᠤᠨ ᠬᠤᠳᠠᠯᠳᠤᠭᠠᠴᠢᠳ ᠤᠨ ᠮᠡᠳᠡᠵᠦ ᠠᠪᠬᠤ ᠨᠤᠷᠮ᠎ᠠ ᠶᠢ ᠳᠡᠭᠡᠭᠰᠢᠯᠡᠭᠦᠯᠪᠡ᠃      ᠡᠭᠦᠨ ᠤ ᠵᠡᠷᠭᠡᠴᠡᠭᠡᠪᠡᠷ᠂ ᠡᠷᠢᠶᠡᠨ ᠬᠤᠳᠠ ᠶᠢᠨ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠮᠣᠩᠭᠤᠯ ᠤᠯᠤᠰ ᠤᠨ ᠡᠷᠬᠡ ᠠᠰᠢᠭ ᠢᠶᠠᠨ ᠬᠠᠮᠠᠭᠠᠯᠠᠬᠤ ᠵᠣᠬᠢᠶᠠᠨ ᠪᠠᠶᠢᠭᠤᠯᠤᠯᠲᠠ ᠯᠤᠭ᠎ᠠ ᠶᠢᠨ ᠬᠤᠷᠰᠢᠯᠴᠠᠭ᠎ᠠ ᠬᠠᠮᠲᠤᠷᠠᠯᠴᠠᠭ᠎ᠠ ᠶᠢ ᠴᠢᠬᠤᠯᠠᠴᠢᠯᠠᠵᠤ᠂ ᠠᠵᠢᠯ ᠢᠶᠠᠨ ᠪᠠᠶᠢᠩᠭᠤ ᠵᠥᠪᠳᠡᠯᠴᠡᠳᠡᠭ ᠪᠠᠶᠢᠨ᠎ᠠ᠃  ᠤᠯᠠᠭᠠᠨᠪᠠᠭᠠᠲᠤᠷ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠲᠠᠢ ︽ᠳᠤᠮᠳᠠᠳᠤ ᠮᠣᠩᠭᠤᠯ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠵᠤ᠂ ᠮᠣᠩᠭᠤᠯ ᠤᠯᠤᠰ ᠤᠨ ᠲᠥᠪ ᠭᠤᠣᠯᠴᠢ ᠥᠷᠢᠰᠥᠯᠳᠦᠭᠡᠨ ᠬᠢᠭᠡᠳ ᠬᠡᠷᠡᠭᠯᠡᠭᠴᠢᠳ ᠢ ᠬᠠᠮᠠᠭᠠᠯᠠᠬᠤ ᠲᠣᠪᠴᠢᠶ᠎ᠠ ᠲᠠᠢ ︽ᠣᠶᠢᠯᠠᠭᠠᠯᠴᠠᠬᠤ ᠰᠠᠨᠠᠮᠵᠢ ᠶᠢᠨ ᠪᠢᠴᠢᠭ︾ ᠲᠣᠭᠲᠠᠵᠤ᠂ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ᠂ ᠲᠥᠪ ᠭᠤᠣᠯᠴᠢ ᠦᠷᠢᠰᠦᠯᠳᠦᠭᠡᠨ ᠤ ᠬᠠᠮᠠᠭᠠᠯᠠᠯᠲᠠ ᠶᠢ ᠴᠢᠩᠭᠠᠳᠬᠠᠬᠤ᠂ ᠣᠨᠳᠣᠣ ᠭᠠᠵᠠᠷ ᠤᠨ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号