ᠮᠠᠨ ᠤ ᠣᠷᠣᠨ ᠤ 2016 ᠣᠨ ᠤ ᠳᠡᠭᠡᠳᠦ ᠬᠠᠭᠠᠰ ᠵᠢᠯ ᠤᠨ ᠥᠪᠡᠷ ᠢᠶᠠᠨ ᠰᠣᠷᠣᠭᠰᠠᠳ ᠤᠨ | ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠨᠲᠡ ᠨᠡᠶᠢᠲᠡᠯᠡᠪᠡ᠂ ᠰᠢᠯᠭᠠᠭᠤᠯᠤᠭᠴᠢᠳ ︽ᠥᠪᠥᠷ ᠮᠣᠩᠭᠤᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢᠨ ︽ᠥᠪᠡᠷ ᠢᠶᠠᠨ ᠰᠣᠷᠣᠭᠰᠠᠳ ᠤᠨ | ᠰᠢᠯᠭᠠᠯᠲᠠ ︾ ᠶᠢᠨ ᠰᠤᠪᠠᠭ ᠤᠨ ︽ᠰᠦᠯᠵᠢᠶᠡᠨ ᠳᠡᠭᠡᠷ᠎ᠡ ᠰᠢᠯᠭᠠᠭᠤᠯᠬᠤ ᠨᠡᠷ᠎ᠡ ᠮᠡᠳᠡᠭᠦᠯᠬᠦ ᠰᠢᠰᠲ᠋ᠧᠮ︾ ᠤᠨ | ᠲᠤᠰᠬᠠᠶ ᠪᠤᠯᠤᠩ ᠢᠶᠠᠷ ᠳᠠᠮᠵᠢᠭᠤᠯᠤᠨ᠂ ︽ᠳᠠᠩᠰᠠᠯᠠᠨ ᠲᠡᠮᠳᠡᠭᠯᠡᠭᠦᠯᠵᠦ ᠨᠡᠷ᠎ᠡ ᠮᠡᠳᠡᠭᠦᠯᠬᠦ ᠰᠢᠰᠲ᠋ᠧᠮ︾ ᠠᠴᠠ | ᠯᠠᠪᠯᠠᠵᠤ ᠪᠣᠯᠤᠨ᠎ᠠ᠃ | ᠡᠭᠦᠨ ᠤ ᠬᠠᠮᠲᠤ ᠪᠠᠰᠠ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ︾ ᠶᠢᠨ ᠸᠢᠴᠠᠲ ᠤᠨ | ᠣᠯᠠᠨ ᠨᠡᠶᠢᠲᠡ ᠶᠢᠨ ᠲᠠᠪᠴᠠᠩ ︵ᠸᠢᠴᠠᠲ ᠤᠨ ᠨᠣᠮᠧᠷ ᠄ nmgzshszwx) ᠢᠶᠠᠷ ᠠᠩᠬᠠᠷᠴᠤ ᠪᠣᠯᠣᠨ᠎ᠠ᠂ | ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠣᠷᠣᠵᠤ ᠪᠠᠷᠠᠭᠤᠨ ᠲᠠᠯ᠎ᠠ ᠶᠢᠨ ᠳᠣᠣᠷ᠎ᠠ ᠥᠨᠴᠥᠭ ᠤᠨ ︽ᠬᠢᠷᠢ | ᠪᠦᠲᠦᠮᠵᠢ ᠶᠢᠨ ᠬᠡᠯᠬᠢᠶᠡᠰᠦ︾ ᠶᠢ ᠳᠠᠷᠤᠵᠤ᠂ ︽ᠥᠪᠡᠷ ᠢᠶᠠᠨ ᠰᠣᠷᠣᠭᠰᠠᠳ ᠤᠨ ᠰᠢᠯᠭᠠᠯᠲᠠ ᠶᠢᠨ ᠬᠢᠷᠢ | ᠪᠦᠲᠦᠮᠵᠢ ᠶᠢ ᠡᠷᠢᠬᠦ︾᠂ ︽ᠬᠠᠭᠤᠴᠢᠨ ᠰᠤᠷᠤᠭᠴᠢᠳ ᠤᠨ ᠰᠦᠯᠵᠢᠶ᠎ᠡ ᠳᠤ ᠣᠷᠣᠬᠤ︾ ᠶᠢ ᠳᠠᠷᠤᠵᠤ᠂ ︽ | ᠵᠥᠪᠰᠢᠶᠡᠷᠡᠭᠰᠡᠨ ᠦᠨᠡᠮᠯᠡᠯ ᠤᠨ ᠨᠣᠮᠧᠷ᠂ ᠨᠢᠭᠤᠴᠠ ᠨᠣᠮᠧᠷ᠂ ᠲᠤᠷᠰᠢᠨ ᠪᠠᠲᠤᠯᠠᠬᠤ ᠺᠣᠳ᠋︾ ᠢᠶᠠᠨ ᠣᠷᠣᠭᠤᠯᠵᠤ᠂ | ︽ᠥᠩᠭᠡᠷᠡᠭᠰᠡᠨ ᠵᠢᠯ ᠤᠳ ᠤᠨ ᠬᠢᠷᠢ ᠪᠦᠲᠦᠮᠵᠢ ᠶᠢᠨ ᠯᠠᠪᠯᠠᠭ᠎ᠠ︾ ᠶᠢ ᠳᠠᠷᠤᠪᠠᠯ ᠪᠣᠯᠴᠢᠬᠠᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ | ᠮᠡᠳᠡᠭᠡ ᠨᠡᠶᠢᠲᠡᠯᠡᠵᠦ᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠵᠦ᠂ | 2016 ᠣᠨ ᠤ 4 ᠳ᠋ᠦ᠋ᠭᠡᠷ ᠰᠠᠷ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷ ᠢᠶᠠᠨ | ᠰᠣᠷᠣᠭᠰᠠᠳ ᠤᠨ ᠰᠢᠯᠭᠠᠯᠲᠠ ᠶᠢᠨ ᠬᠤᠭᠤᠴᠠᠭᠠᠨ ᠳᠤ᠂ ᠡᠯ᠎ᠡ ᠰᠢᠯᠭᠠᠯᠲᠠ ᠶᠢᠨ ᠴᠢᠭ᠋ ᠤᠨ ᠲᠣᠭᠲᠠᠭᠠᠭᠰᠠᠨ | ᠲᠣᠭᠲᠠᠭᠠᠯ ᠠᠴᠠ ᠵᠥᠷᠢᠴᠡᠭᠰᠡᠨ 60 ᠰᠢᠯᠭᠠᠭᠤᠯᠤᠭᠴᠢ ᠶᠢᠨ ᠰᠢᠯᠭᠠᠯᠲᠠ ᠶᠢᠨ ᠨᠣᠮᠧᠷ᠂ ᠣᠷᠣ ᠶᠢᠨ ᠨᠣᠮᠧᠷ᠂ | ᠰᠢᠯᠭᠠᠭᠤᠯᠤᠭᠴᠢ ᠶᠢᠨ ᠨᠣᠮᠧᠷ᠂ ᠲᠣᠭᠲᠠᠭᠠᠯ ᠠᠴᠠ ᠵᠥᠷᠢᠴᠡᠭᠰᠡᠨ ᠪᠣᠳᠠᠲᠤ ᠬᠡᠷᠡᠭ ᠵᠢᠴᠢ ᠵᠣᠬᠢᠴᠠᠩᠭᠤᠶ | ᠰᠢᠢᠳᠪᠦᠷᠢᠯᠡᠬᠦ ᠦᠨᠳᠦᠰᠦ ᠪᠠᠷᠢᠮᠲᠠ ᠪᠠ ᠲᠠᠰᠤᠯᠤᠨ ᠰᠢᠢᠳᠪᠦᠷᠢᠯᠡᠬᠦ ᠰᠠᠨᠠᠯ ᠢ ᠨᠢᠭᠡᠨᠲᠡ ᠨᠡᠶᠢᠲᠡᠯᠡᠪᠡ᠃ ᠥᠪᠥᠷ | ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠶᠢᠨ ᠮᠡᠳᠡᠵᠦ ᠣᠯᠣᠭᠰᠠᠨ ᠢᠶᠠᠷ᠂ ᠰᠢᠯᠭᠠᠯᠲᠠ ᠳᠤ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠨᠢ ᠭᠤᠣᠯᠳᠠᠭᠤ᠄ ᠰᠢᠯᠭᠠᠯᠲᠠ ᠳᠤ ᠬᠠᠮᠢᠶ᠎ᠠ ᠪᠦᠬᠦᠢ | ᠮᠠᠲ᠋ᠧᠷᠢᠶᠠᠯ ᠠᠪᠴᠤ ᠣᠷᠣᠭᠰᠠᠨ ᠪᠤᠶᠤ ᠬᠤᠯᠠᠭᠠᠶᠢᠯᠠᠨ ᠬᠠᠭᠤᠯᠤᠭᠰᠠᠨ ᠪᠠ ᠪᠤᠰᠤᠳ ᠬᠥᠮᠦᠨ ᠢ ᠬᠠᠪᠰᠤᠷᠤᠨ | ᠰᠢᠯᠭᠠᠯᠲᠠ ᠶᠢᠨ ᠰᠡᠳᠦᠪ ᠤᠨ ᠬᠠᠷᠢᠭᠤᠯᠲᠠ ᠶᠢ ᠬᠠᠭᠤᠯᠤᠭᠰᠠᠨ ᠵᠡᠷᠭᠡ᠃ ᠡᠳᠡᠭᠡᠷ ᠰᠢᠯᠭᠠᠭᠤᠯᠤᠭᠴᠢᠳ ᠤᠨ ᠲᠤᠰ | ᠤᠳᠠᠭᠠᠨ ᠤ ᠰᠢᠯᠭᠠᠭᠤᠯᠤᠭᠰᠠᠨ ᠡᠯ᠎ᠡ ᠱᠠᠲᠤᠨ ᠤ᠂ ᠡᠯ᠎ᠡ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ | ᠶᠢ ᠨᠢᠭᠡᠨᠲᠡ ᠬᠦᠴᠦᠨ ᠦᠭᠡᠢ ᠪᠣᠯᠭᠠᠪᠠ᠃ | ᠰᠢᠯᠭᠠᠭᠤᠯᠤᠭᠴᠢᠳ ᠲᠣᠭᠲᠠᠭᠠᠭᠰᠠᠨ ᠲᠣᠭᠲᠠᠭᠠᠯ ᠠᠴᠠ ᠵᠥᠷᠢᠴᠡᠭᠰᠡᠨ ᠪᠣᠳᠠᠲᠤ ᠬᠡᠷᠡᠭ ᠲᠤ ᠣᠨᠳᠣᠣ ᠰᠠᠨᠠᠯ | ᠲᠠᠢ ᠪᠠᠶᠢᠪᠠᠯ᠂ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 3 ᠡᠳᠦᠷ ᠤᠨ ᠳᠣᠲᠣᠷ᠎ᠠ ᠰᠤᠷᠭᠠᠭᠤᠯᠢ ᠶᠢᠨ | ᠰᠢᠯᠭᠠᠯᠲᠠ ᠶᠢᠨ ᠵᠥᠪᠯᠡᠯ ᠤᠨ ᠠᠯᠪᠠᠨ ᠭᠡᠷ ᠲᠤ ᠭᠤᠮᠣᠳᠠᠯ ᠭᠠᠷᠭᠠᠵᠤ᠂ ᠵᠥᠪᠳᠡᠯ ᠢᠶᠠᠨ ᠪᠣᠳᠠᠲᠤ ᠬᠡᠷᠡᠭ᠂ ᠤᠴᠢᠷ | ᠰᠢᠯᠲᠠᠭᠠᠨ ᠪᠠ ᠭᠡᠷᠡᠴᠢ ᠪᠠᠷᠢᠮᠲᠠ ᠶᠢᠨ ᠮᠠᠲ᠋ᠧᠷᠢᠶᠠᠯ ᠲᠠᠢ ᠬᠠᠮᠲᠤ ᠬᠠᠩᠭᠠᠨ᠎ᠠ᠂ ᠵᠥᠪᠳᠡᠯ ᠢᠶᠠᠨ ᠰᠢᠯᠭᠠᠯᠲᠠ ᠶᠢᠨ | ᠲᠥᠪ ᠲᠤ ᠰᠢᠭᠤᠳ ᠳᠤᠷᠠᠳᠤᠨ ᠭᠠᠷᠭᠠᠵᠤ ᠴᠤ ᠪᠣᠯᠤᠨ᠎ᠠ᠃ ᠬᠤᠭᠤᠴᠠᠭ᠎ᠠ ᠬᠡᠲᠦᠷᠡᠲᠡᠯ᠎ᠡ ᠭᠤᠮᠣᠳᠠᠯ᠂ ᠵᠥᠪᠳᠡᠯ | ᠭᠠᠷᠭᠠᠭᠰᠠᠨ ᠦᠭᠡᠢ ᠪᠠᠶᠢᠪᠠᠯ ᠡᠨᠡᠬᠦ ᠡᠷᠬᠡ ᠪᠠᠨ ᠬᠠᠶᠠᠭᠰᠠᠨ ᠢᠶᠠᠷ ᠦᠵᠡᠵᠦ᠂ ᠰᠢᠯᠭᠠᠯᠲᠠ ᠶᠢᠨ ᠲᠥᠪ ᠠᠴᠠ ᠬᠠᠤᠯᠢ | ᠲᠣᠭᠲᠠᠭᠠᠯ ᠶᠣᠰᠣᠭᠠᠷ ᠵᠢᠩᠬᠢᠨᠢ ᠪᠠᠷ ᠰᠢᠢᠳᠪᠦᠷᠢᠯᠡᠬᠦ ᠲᠣᠭᠲᠠᠭᠠᠯ ᠭᠠᠷᠭᠠᠨ᠎ᠠ᠃ | |