ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠳᠠᠷᠠᠭ᠎ᠠ ᠰᠠᠷ᠎ᠠ ᠶᠠᠪᠤᠭᠳᠠᠨ᠎ᠠ
ᠨᠡᠶᠢᠲᠡᠯᠡᠭᠰᠡᠨ ᠴᠠᠭ᠄
2016/5/11
     ᠵᠢᠯ ᠪᠦᠷᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠴᠦᠮ ᠨᠢᠭᠡᠳᠦᠯᠲᠠᠢ ᠵᠤᠬᠢᠶᠠᠨ ᠪᠠᠶᠢᠭᠤᠯᠳᠠᠭ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠳᠤ᠂ ᠣᠷᠣᠯᠴᠠᠬᠤ ᠡᠰᠡᠬᠦ ᠪᠠᠨ ᠰᠢᠯᠭᠠᠭᠤᠯᠤᠭᠰᠠᠳ ᠨᠡᠷ᠎ᠡ ᠮᠡᠳᠡᠭᠦᠯᠬᠦ ᠦᠶ᠎ᠡ ᠳᠡᠭᠡᠨ ᠥᠪᠡᠰᠦᠪᠡᠨ ᠲᠤᠭᠲᠠᠭᠠᠨ᠎ᠠ᠃ ᠭᠠᠳᠠᠭᠠᠳᠤ  ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠬᠢᠷᠢ ᠪᠦᠲᠦᠮᠵᠢ ᠶᠢ ᠭᠠᠳᠠᠭᠠᠳᠤ ᠬᠡᠯᠡᠨ ᠤ ᠬᠢᠷᠢ ᠪᠦᠲᠦᠮᠵᠢ ᠲᠠᠢ ᠨᠢ ᠬᠠᠮᠲᠤ ᠡᠯᠰᠡᠬᠦ ᠦᠶ᠎ᠡ ᠳᠤ ᠶᠡᠭᠡ ᠳᠡᠭᠡᠳᠦ ᠰᠤᠷᠭᠠᠭᠤᠯᠢ ᠳᠤ ᠲᠤᠰᠢᠶᠠᠨ᠎ᠠ᠃      ᠮᠠᠨ ᠤ ᠣᠷᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠬᠡᠯᠡᠨ ᠤ ᠲᠦᠷᠦᠯ ᠪᠤᠯ ᠠᠩᠭ᠍ᠯᠢ ᠬᠡᠯᠡ ᠪᠤᠯᠤᠨ ᠤᠷᠤᠰ ᠬᠡᠯᠡ ᠪᠤᠯᠤᠨ᠎ᠠ᠂ ᠲᠤᠷᠰᠢᠨ ᠰᠢᠯᠭᠠᠯᠲᠠ ᠶᠢᠨ ᠬᠢᠷᠢ ᠪᠦᠲᠦᠮᠵᠢ ᠶᠢ ᠰᠢᠯᠢᠳᠡᠭ᠂ ᠰᠠᠶᠢᠨ᠂ ᠬᠢᠷᠢ ᠳᠤ ᠲᠡᠩᠴᠡᠭᠰᠡᠨ ᠪᠠ ᠬᠢᠷᠢ ᠳᠤ ᠲᠡᠩᠴᠡᠭᠰᠡᠨ ᠦᠭᠡᠢ ᠬᠡᠵᠤ ᠳᠥᠷᠪᠡᠨ ᠳᠡᠰ ᠬᠤᠪᠢᠶᠠᠨ᠎ᠠ᠃      ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠳᠠᠭᠤᠰᠤᠭᠰᠠᠨ ᠤ ᠲᠠᠷᠠᠭ᠎ᠠ ᠶᠠᠪᠤᠭᠳᠠᠭᠤᠯᠤᠨ᠎ᠠ᠂ ᠡᠨᠡ ᠵᠢᠯ ᠰᠢᠯᠭᠠᠯᠲᠠ ᠶᠢ 6 ᠳ᠋ᠤᠭᠠᠷ ᠰᠠᠷ᠎ᠠ ᠶᠢᠨ 9᠎ ᠤ ᠡᠳᠦᠷ ᠠᠴᠠ 6 ᠳ᠋ᠤᠭᠠᠷ ᠰᠠᠷ᠎ᠠ ᠶᠢᠨ 14᠎ ᠤ ᠡᠳᠦᠷ ᠪᠤᠯᠲᠠᠯ᠎ᠠ ᠶᠠᠪᠤᠭᠳᠠᠬᠤ ᠪᠠᠷ ᠲᠦᠯᠦᠪᠯᠡᠵᠤ ᠪᠤᠢ᠃ ᠰᠢᠯᠭᠠᠭᠤᠯᠤᠭᠰᠠᠳ ᠤᠨ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠳᠤ ᠤᠷᠤᠯᠴᠠᠬᠤ ᠪᠣᠳᠠᠲᠠᠶ ᠴᠠᠭ ᠪᠤᠯᠤᠨ ᠭᠠᠵᠠᠷ ᠣᠷᠣᠨ ᠢ ᠡᠯ᠎ᠡ ᠬᠤᠰᠢᠭᠤ ᠰᠢᠶᠠᠨ ︵ᠲᠣᠭᠤᠷᠢᠭ︶᠎ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠲᠣᠬᠢᠷᠠᠭᠤᠯᠬᠤ ᠶᠢᠨ ᠬᠠᠮᠲᠤ ᠴᠠᠭ ᠲᠤᠬᠠᠶ ᠳᠤᠨᠢ ᠮᠡᠳᠡᠭᠳᠡᠬᠦ ᠪᠣᠯᠤᠨ᠎ᠠ᠃       ᠰᠢᠯᠭᠠᠭᠤᠯᠤᠭᠰᠠᠳ ︽ᠰᠢᠯᠭᠠᠬᠤ ᠶᠢ ᠵᠦᠪᠰᠢᠶᠡᠷᠡᠬᠦ ᠦᠨᠡᠮᠯᠡᠯ︾᠎ ᠢᠶᠠᠷ ᠢᠶᠠᠨ ᠰᠢᠯᠭᠠᠯᠲᠠ ᠶᠢᠨ ᠴᠢᠭ᠋ ᠤᠨ ᠪᠡᠯᠡᠳᠬᠡᠯ  ᠦᠷᠦᠭᠡ ᠳᠤ ᠤᠷᠤᠵᠤ᠂ ᠰᠢᠪᠠᠭ᠎ᠠ ᠰᠤᠭᠤᠯᠤᠯᠲᠠ ᠪᠠᠷ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠳᠤ ᠤᠷᠤᠯᠴᠠᠬᠤ ᠳᠡᠰ ᠳᠠᠷᠠᠭᠠᠯᠠᠯ ᠢ ᠲᠤᠭᠲᠠᠭᠠᠨ᠎ᠠ᠃ ᠪᠡᠯᠡᠳᠬᠡᠯ ᠦᠷᠦᠭᠡᠨ ᠳᠤ ᠭᠠᠳᠠᠭᠠᠳᠤ ᠬᠡᠯᠡᠨ ᠤ ᠶᠠᠷᠢᠶᠠᠨ ᠤ ᠰᠢᠯᠭᠠᠯᠲᠠ ᠳᠤ ᠰᠢᠯᠭᠠᠭᠤᠯᠬᠤ ᠪᠠᠷ ᠬᠦᠯᠢᠶᠡᠵᠦ ᠪᠠᠶᠢᠭ᠎ᠠ ᠰᠢᠯᠭᠠᠭᠤᠯᠤᠭᠰᠠᠳ ᠦᠪᠡᠰᠦᠪᠡᠨ ᠳᠠᠪᠲᠠᠵᠤ ᠪᠤᠯᠤᠨ᠎ᠠ᠂ ᠭᠡᠪᠡᠴᠦ ᠪᠤᠰᠤᠳ ᠢ ᠨᠥᠯᠥᠭᠡᠯᠡᠵᠦ ᠪᠣᠯᠬᠤ ᠦᠭᠡᠢ᠂ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠪᠠᠶᠢᠳᠠᠯ ᠢ ᠠᠰᠠᠭᠤᠨ ᠰᠤᠷᠠᠭᠯᠠᠵᠤ ᠪᠣᠯᠬᠤ ᠦᠭᠡᠢ᠃ ᠣᠨᠴᠠᠭᠠᠶ ᠪᠠᠶᠢᠳᠠᠯ ᠠᠴᠠ ᠪᠤᠯᠤᠭᠠᠳ ᠪᠡᠯᠡᠳᠬᠡᠯ ᠦᠷᠦᠭᠡ ᠠᠴᠠ ᠰᠠᠯᠬᠤ ᠴᠢᠬᠤᠯᠠᠲᠠᠢ ᠦᠶᠡᠰ᠂ ᠠᠵᠢᠯᠲᠠᠳ ᠠᠴᠠ ᠵᠢᠭᠠᠪᠤᠷᠢ ᠠᠪᠴᠤ ᠵᠦᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠰᠠᠯᠵᠤ ᠪᠣᠯᠤᠨ᠎ᠠ᠂ ᠬᠡᠬᠦ ᠳᠡᠭᠡᠨ ᠭᠠᠳᠠᠭᠠᠳᠤ ᠭᠡᠯᠡᠨ ᠤ ᠶᠠᠷᠢᠶᠠᠨ ᠤ ᠲᠤᠷᠰᠢᠨ ᠰᠢᠯᠭᠠᠯᠲᠠ ᠳᠤ ᠤᠷᠤᠯᠴᠠᠭᠰᠠᠨ ᠰᠢᠯᠭᠠᠭᠤᠯᠤᠭᠰᠠᠳ ᠲᠠᠢ ᠤᠶᠢᠷᠡᠲᠤᠵᠤ  ᠪᠣᠯᠬᠤ ᠦᠭᠡᠶ᠃      ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠨᠢ ᠬᠠᠭᠠᠰ ᠡᠳᠦᠷ ᠢᠶᠠᠷ ᠨᠢᠭᠡ ᠨᠢᠭᠡᠴᠢ ᠴᠠᠭ ᠪᠤᠯᠭᠠᠵᠤ᠂ ᠠᠳᠠᠯᠢ ᠪᠤᠰᠤ ᠨᠢᠭᠡᠴᠢ ᠴᠠᠭ ᠲᠤ ᠴᠥᠮ ᠬᠡᠷᠡᠭᠯᠡᠭᠡᠳᠦᠢ ᠰᠢᠯᠭᠠᠯᠲᠠ ᠶᠢᠨ ᠬᠠᠭᠤᠳᠠᠰᠤ ᠠᠴᠠ ᠰᠢᠯᠭᠠᠭᠤᠯᠤᠭᠰᠠᠳ ᠢᠶᠠᠷ ᠰᠣᠩᠭᠤᠨ ᠲᠠᠲᠠᠭᠤᠯᠤᠨ᠎ᠠ᠃ ᠡᠭᠦᠨ ᠳᠤ᠂ ᠤᠷᠢᠳ ᠢᠶᠠᠷ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠲᠠᠯᠠᠪᠠᠢ ᠳᠤ ᠤᠷᠤᠭᠰᠠᠨ ᠰᠢᠯᠭᠠᠭᠤᠯᠤᠭᠰᠠᠳ ᠢᠶᠠᠷ ᠤᠷᠢᠳᠠᠪᠠᠷ ᠰᠢᠯᠭᠠᠯᠲᠠ ᠶᠢᠨ ᠰᠡᠳᠦᠪ ᠢ ᠲᠠᠲᠠᠭᠤᠯᠵᠤ᠂ ᠨᠢᠭᠡ ᠮᠢᠨᠦ᠋ᠲ ᠪᠡᠯᠡᠳᠭᠡᠭᠰᠡᠨ ᠤ ᠳᠠᠷᠠᠭ᠎ᠠ ᠬᠠᠷᠢᠭᠤᠯᠤᠨ᠎ᠠ᠃ ᠰᠢᠯᠭᠠᠭᠤᠯᠤᠭᠰᠠᠳ ᠨᠢᠭᠡᠪᠦᠷᠢ ᠶᠢᠨ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠪᠦᠬᠦ ᠴᠠᠭ ᠢ 5 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠳᠤ ᠰᠢᠯᠭᠠᠭᠤᠯᠵᠤ ᠳᠠᠭᠤᠰᠤᠭᠰᠠᠨ ᠰᠢᠯᠭᠠᠭᠤᠯᠤᠭᠰᠠᠳ ᠰᠢᠯᠭᠠᠯᠲᠠ ᠶᠢᠨ ᠴᠢᠭ᠋ ᠠᠴᠠ ᠳᠠᠷᠤᠶ ᠲᠦᠷᠭᠡᠨ ᠵᠠᠶᠢᠯᠠᠨ᠎ᠠ᠂ ᠬᠤᠷᠭᠤᠳᠤᠨ ᠦᠯᠡᠳᠡᠬᠦ ᠪᠤᠶᠤ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠬᠢᠷᠢ ᠪᠦᠲᠦᠮᠵᠢ ᠶᠢ  ᠯᠠᠪᠯᠠᠨ ᠰᠤᠷᠠᠭᠯᠠᠵᠤ ᠪᠤᠯᠬᠤ ᠦᠭᠡᠢ᠃      ᠰᠢᠯᠭᠠᠭᠤᠯᠤᠭᠰᠠᠳ ᠤᠨ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠬᠢᠷᠢ ᠪᠦᠲᠦᠮᠵᠢ ᠶᠢ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠶᠢᠨ ᠭᠤᠷᠪᠠᠨ ᠪᠠᠭᠰᠢ ᠠᠴᠠ ᠭᠠᠳᠠᠭᠠᠳᠤ ᠬᠡᠯᠡᠨ ᠤ ᠶᠠᠷᠢᠶᠠᠨ ᠤ ᠲᠤᠷᠰᠢᠨ ᠰᠢᠯᠭᠠᠯᠲᠠ ᠵᠡᠷᠭᠡ ᠶᠢᠨ ᠪᠠᠷᠢᠮᠵᠢᠶ᠎ᠠ ᠶᠢ  ᠦᠨᠳᠦᠰᠦᠯᠡᠨ ᠨᠢᠭᠡᠳᠦᠯᠲᠡᠶ ᠬᠢᠨᠠᠨ ᠲᠤᠭᠲᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号