ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠵᠤ  ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠬᠠᠮᠲᠤ ᠪᠠᠷ ᠬᠥᠭᠵᠢᠭᠦᠯᠬᠦ ᠪᠠᠷ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠰᠤᠷᠭᠠᠨ ᠬᠥᠮᠦᠵᠢᠯ ᠤᠨ ᠲᠢᠩᠬᠢᠮ ᠭᠤᠷᠪᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠢᠪᠡ
ᠨᠡᠶᠢᠲᠡᠯᠡᠭᠰᠡᠨ ᠴᠠᠭ᠄
2016/5/12
     5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠭᠤᠷᠪᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠢᠵᠦ᠂ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠂ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ᠂ ᠲᠠᠮᠢᠷᠴᠢᠳ ᠤᠨ ᠰᠣᠶᠣᠯ ᠤᠨ ᠰᠤᠷᠤᠯᠴᠠᠯᠭ᠎ᠠ ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠤᠶᠠᠯᠳᠤᠭᠤᠯᠬᠤ ᠠᠵᠢᠯᠯᠠᠭᠠᠨ ᠤ ᠲᠣᠭᠲᠠᠴᠠ ᠶᠢᠨ ᠪᠦᠲᠦᠮᠵᠢᠲᠡᠶ ᠠᠷᠭ᠎ᠠ ᠵᠠᠮ ᠢ ᠬᠠᠮᠲᠤ ᠪᠠᠷ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠳ᠋ᠧᠦ ᠬᠦᠶ ᠵᠢᠶᠦ᠋ᠨ ᠬᠤᠷᠠᠯ ᠳᠤ ᠣᠷᠣᠯᠴᠠᠪᠠ᠂ ᠥᠪᠡᠷᠲᠡᠭᠡᠨ ᠵᠠᠰᠠᠬᠤ ᠣᠷᠣᠨ ᠎ ᠤ ᠪᠡᠶ᠎ᠡ ᠶᠢᠨ ᠲᠠᠮᠢᠷ ᠤᠨ ᠲᠣᠪᠴᠢᠶᠠᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠳᠬ᠎ᠠ ᠤᠷᠠᠯᠢᠭ ᠤᠨ ᠭᠠᠵᠠᠷ ᠤᠨ ᠪᠦᠬᠦ ᠠᠵᠢᠯᠳᠠᠤᠨ᠂ ᠥᠪᠥᠷ ᠮᠣᠩᠭᠤᠯ ᠤᠨ ᠪᠥᠮᠪᠥᠭᠡᠨ ᠤ ᠵᠦᠢᠯ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠥᠪᠥᠷ ᠮᠣᠩᠭᠤᠯ ᠤᠨ ᠬᠥᠯ ᠪᠥᠮᠪᠥᠭᠡᠨ ᠤ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠤᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号