ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ︽ᠳᠤᠮᠳᠠᠳᠤ ᠤᠯᠤᠰ ᠤᠨ ᠡᠷᠡᠭᠦᠯ ᠮᠡᠨᠲᠦ ᠶᠢᠨ ᠠᠶᠠᠯᠠᠯ  — — ᠮᠣᠩᠭᠤᠯ ᠬᠢᠲᠠᠳ ᠡᠮ ᠡᠮᠨᠡᠯᠭᠡ ᠶᠢ ᠠᠶᠢᠯ ᠡᠷᠦᠬᠡ ᠳᠤ ᠬᠦᠷᠭᠡᠬᠦ︾ ᠠᠵᠢᠯᠯᠠᠭ᠎ᠠ ᠶᠢ  ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2016/5/12
     ᠮᠠᠯᠵᠢᠬᠤ ᠲᠠᠷᠢᠶᠠᠯᠠᠬᠤ ᠣᠷᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ︽2016 ᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾᠎ ᠶᠢ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠲᠣᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ 5 ᠳ᠋ᠤᠭᠠᠷ ᠰᠠᠷ᠎ᠠ ᠶᠢᠨ 10᠎ ᠤ ᠡᠳᠦᠷ᠂ ᠰᠢᠯᠢ ᠶᠢᠨ ᠭᠤᠣᠯ ᠠᠶᠢᠮᠠᠭ ᠤᠨ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ ᠵᠢᠴᠢ ᠰᠢᠯᠢ ᠶᠢᠨ ᠭᠤᠣᠯ ᠠᠶᠢᠮᠠᠭ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠵᠡᠷᠭᠡ ᠤᠯᠠᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠎ ᠶᠢ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠨᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨ ᠬᠠᠭᠠᠯᠭ᠎ᠠ ᠰᠤᠮᠤ ᠶᠢᠨ ᠰᠢᠨ᠎ᠡ ᠭᠤᠣᠯ ᠭᠠᠴᠠᠭ᠎ᠠ ᠳᠤ ᠶᠠᠪᠤᠭᠳᠠᠵᠤ᠂  ᠠᠵᠢᠯᠯᠠᠭ᠎ᠠ ᠶᠢᠨ ᠬᠤᠭᠤᠴᠠᠭᠠᠨ ᠳᠤ ᠠᠶᠢᠮᠠᠭ ᠤᠨ ᠰᠢᠭᠤᠳ ᠬᠠᠷᠢᠶ᠎ᠠ ᠨᠢᠭᠡᠴᠡ ᠎ ᠨᠦᠭᠦᠳ ᠰᠣᠶᠣᠯ᠂ ᠬᠠᠤᠯᠢ ᠲᠦᠷᠢᠮ᠂ ᠮᠡᠷᠭᠡᠵᠢᠯ ᠪᠣᠯᠣᠨ  ᠦᠢᠯᠡᠴᠢᠯᠡᠭᠡ ᠬᠥᠷᠭᠡᠬᠦ ᠵᠡᠷᠭᠡ ᠠᠵᠢᠯᠯᠠᠭ᠎ᠠ ᠦᠷᠨᠢᠭᠦᠯᠵᠦ᠂ ᠲᠡᠷᠡᠴᠢᠯᠡᠨ ᠲᠡᠷᠢᠭᠦᠨ ᠤ ᠬᠢ ᠠᠴᠠ ᠰᠤᠷᠤᠯᠴᠠᠵᠤ᠂  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠯᠬᠡᠭᠯᠡᠨ ᠲᠡᠮᠡᠴᠡᠵᠦ ᠭᠤᠶᠠᠴᠢ ᠤᠢᠭᠡᠢ ᠵᠢᠳᠬᠦᠬᠦ ᠶᠢ ᠰᠤᠷᠤᠯᠴᠠᠨ ᠤᠬᠠᠭᠤᠯᠬᠤ ᠠᠵᠢᠯᠯᠠᠭ᠎ᠠ ᠦᠷᠨᠢᠭᠦᠯᠵᠡᠢ᠃ ᠲᠤᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾᠎ ᠶᠢ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠲᠤᠰᠬᠠᠶ ᠡᠮᠴᠢᠯᠡᠭᠡᠨ ᠤ ᠠᠩᠭᠢ ᠵᠣᠬᠢᠶᠠᠨ  ᠪᠠᠶᠢᠭᠤᠯᠤᠨ ︽ᠳᠤᠮᠳᠠᠳᠤ ᠤᠯᠤᠰ ᠤᠨ ᠡᠷᠡᠭᠦᠯ ᠮᠡᠨᠲᠦ ᠶᠢᠨ ᠠᠶᠠᠯᠠᠯ  — — ᠮᠣᠩᠭᠤᠯ ᠬᠢᠲᠠᠳ ᠡᠮ ᠡᠮᠨᠡᠯᠭᠡ ᠶᠢ ᠠᠶᠢᠯ ᠡᠷᠦᠬᠡ ᠳᠤ ᠬᠦᠷᠭᠡᠬᠦ︾ ᠠᠵᠢᠯᠯᠠᠭ᠎ᠠ ᠶᠢ ᠢᠳᠡᠪᠬᠢᠲᠡᠢ ᠦᠷᠨᠢᠭᠦᠯᠪᠡ᠃      ᠡᠨᠡ ᠤᠳᠠᠭᠠᠨ ᠤ ︽ᠳᠤᠮᠳᠠᠳᠤ ᠤᠯᠤᠰ ᠤᠨ ᠡᠷᠡᠭᠦᠯ ᠮᠡᠨᠲᠦ ᠶᠢᠨ ᠠᠶᠠᠯᠠᠯ  — — ᠮᠣᠩᠭᠤᠯ ᠬᠢᠲᠠᠳ ᠡᠮ ᠡᠮᠨᠡᠯᠭᠡ ᠶᠢ ᠠᠶᠢᠯ ᠡᠷᠦᠬᠡ ᠳᠤ ᠬᠦᠷᠭᠡᠬᠦ︾ ᠠᠵᠢᠯᠯᠠᠭ᠎ᠠ ᠳᠤ᠂ ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ  ᠬᠤᠷᠢᠶ᠎ᠠ 2 ᠡᠮᠴᠢ ᠲᠣᠮᠢᠯᠠᠨ᠂ 100 ᠭᠠᠷᠤᠢ ᠡᠪᠡᠳᠴᠢᠲᠡᠨ ᠢ ᠰᠦᠢᠳᠬᠡᠯ ᠬᠤᠷᠢᠶᠠᠬᠤ ᠦᠭᠡᠢ ᠪᠠᠷ ᠡᠮᠴᠢᠯᠡᠵᠦ᠂  3500 ᠲᠥᠬᠦᠷᠢᠭ ᠤᠨ ᠮᠣᠩᠭᠤᠯ᠂ ᠡᠸᠦ᠋ᠷᠦᠫᠡ ᠡᠮ ᠤᠨ ᠵᠦᠢᠯ ᠬᠥᠷᠭᠡᠵᠦ᠂  900 ᠭᠠᠷᠤᠢ ᠬᠤᠪᠢ ᠡᠷᠡᠭᠦᠯ ᠮᠡᠨᠳᠦ ᠶᠢᠨ ᠮᠡᠳᠡᠯᠭᠡ ᠶᠢᠨ ᠳᠡᠪᠲᠡᠷ ᠲᠠᠷᠬᠠᠭᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号