4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠬᠦᠷᠢᠶ᠎ᠡ ᠬᠡᠪᠴᠢᠶ᠎ᠡ ᠶᠢ | ᠥᠷᠭᠡᠳᠬᠡᠬᠦ ᠢᠨᠵᠧᠨᠧᠷᠢᠩ 1.52 ᠳ᠋ᠦᠩᠰᠢᠭᠤᠷ ᠲᠥᠭᠦᠷᠢᠭ ᠤᠨ ᠪᠣᠳᠠᠲᠠᠢ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠡᠭᠦᠨ ᠳᠤ᠂ ᠠᠵᠤ ᠦᠢᠯᠡᠰ ᠲᠡᠳᠬᠦᠬᠦ ᠲᠦᠷᠦᠯ ᠵᠦᠢᠯ ᠳᠤ᠄ 68 ᠮᠦ ᠭᠠᠵᠠᠷ ᠰᠢᠷᠣᠶ ᠶᠢ ᠴᠡᠭᠴᠡᠯᠡᠨ ᠵᠠᠰᠠᠬᠤ | ᠠᠵᠢᠯ ᠡᠬᠢᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ᠬᠠᠰᠢᠶ᠎ᠠ ᠰᠠᠷᠠᠪᠴᠢ ᠶᠢᠨ | ᠪᠣᠳᠠᠲᠠᠶ ᠪᠡᠶᠡᠯᠡᠭᠦᠯᠦᠭᠰᠡᠨ ᠲᠤᠭ᠎ᠠ ᠨᠢ 813 ᠪᠠᠶᠢᠵᠤ᠂ ᠨᠡᠶᠢᠲᠡ 102.75 ᠲᠦᠮᠡᠨ ᠲᠥᠭᠦᠷᠢᠭ ᠤᠨ ᠪᠡᠯᠡ | ᠮᠦᠩᠭᠦ ᠶᠢ ᠪᠡᠶᠡᠯᠡᠭᠦᠯᠪᠡ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠳᠤ᠄ 25 ᠰᠠᠭᠤᠷᠢ | ᠭᠡᠷᠡᠯᠲᠦᠭᠦᠯᠬᠦ ᠢᠨᠵᠧᠨᠧᠷᠢᠩ ︵ᠵᠠᠮ ᠤᠨ ᠳ᠋ᠧᠩ︶᠂ 30.29 ᠲᠦᠮᠡᠨ ᠰᠠᠭᠤᠷᠢ ᠨᠣᠭᠤᠭᠠᠷᠠᠭᠤᠯᠬᠤ ᠢᠨᠵᠧᠨᠧᠷᠢᠩ᠂ | 6380 ᠳᠡᠩᠰᠢ ᠳᠦᠷᠪᠡᠯᠵᠢᠨ ᠮᠧᠲᠷ ᠭᠡᠷ ᠤᠨ ᠣᠷᠣᠢ᠂ 1.5 ᠲᠦᠮᠡᠨ ᠲᠡᠭᠰᠢ ᠳᠥᠷᠪᠡᠯᠵᠢᠨ ᠮᠧᠲᠷ ᠪᠣᠰᠤᠭ᠎ᠠ | ᠬᠠᠪᠲᠠᠭᠠᠢ ᠶᠢᠨ ᠴᠢᠮᠡᠭᠯᠡᠯ ︵ᠳᠤᠯᠠᠭᠠᠨ ᠢ ᠬᠠᠮᠠᠭᠠᠯᠠᠬᠤ᠂ ᠡᠨᠧᠷᠭᠢ ᠠᠷᠪᠢᠯᠠᠬᠤ︶᠂ 19.27 ᠲᠦᠮᠡᠨ ᠲᠡᠭᠰᠢ | ᠳᠦᠷᠪᠡᠯᠵᠢᠨ ᠮᠧᠲᠷ ᠬᠦᠷᠢᠶ᠎ᠡ ᠬᠠᠰᠢᠶ᠎ᠠ᠂ 4 ᠰᠠᠭᠤᠷᠢ ᠨᠡᠶᠢᠲᠡ ᠶᠢᠨ ᠵᠣᠷᠯᠣᠩ᠂ ᠬᠤᠭ ᠤᠨ ᠬᠠᠶᠢᠷᠴᠠᠭ 5 ᠰᠠᠭᠤᠷᠢ᠂ | 3 ᠰᠠᠭᠤᠷᠢ ᠴᠡᠪᠡᠷᠯᠡᠨ ᠲᠡᠭᠡᠭᠡᠪᠦᠷᠢᠯᠡᠬᠦ ᠲᠡᠷᠭᠡ ᠶᠢ ᠪᠣᠳᠠᠲᠠᠢ ᠪᠡᠶᠡᠯᠡᠭᠦᠯᠬᠦ ᠳᠤ ᠨᠡᠶᠢᠳᠡ 5820.79 ᠲᠦᠮᠡᠨ | ᠲᠥᠭᠦᠷᠢᠭ ᠤᠨ ᠪᠣᠳᠠᠲᠠᠶ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠪᠤᠰᠤᠳ ᠲᠦᠷᠦᠯ ᠵᠦᠢᠯ ᠳᠤ᠄ 9277.82 | ᠲᠦᠮᠡᠨ ᠲᠥᠭᠦᠷᠢᠭ ᠤᠨ ᠪᠣᠳᠠᠲᠠᠶ ᠪᠡᠯᠡ ᠣᠷᠣᠭᠤᠯᠤᠯᠲᠠ ᠶᠢ ᠪᠡᠶᠡᠯᠡᠭᠦᠯᠪᠡ᠃ |