| 5 ᠳ᠋ᠤᠭᠠᠷ ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠴᠠᠩ ᠵᠢᠶᠦ᠋ᠨ ᠵᠧᠩ ︵ᠵᠡᠭᠦᠨ ᠠᠴᠠ ᠨᠢᠭᠡᠳᠦᠭᠡᠷ︶ ᠦᠬᠠᠶ ᠬᠤᠲᠠ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠠᠵᠢᠯ ᠢ ᠰᠢᠮᠳᠠᠭᠤᠯᠤᠨ ᠪᠠᠶᠢᠴᠠᠭᠠᠨ ᠰᠤᠳᠤᠯᠪᠠ᠃ | 5 ᠳ᠋ᠤᠭᠠᠷ ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ | ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠪᠠᠶᠢᠴᠠᠭᠠᠨ | ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠷᠧᠨ | ᠹᠦ᠋ ᠱᠧᠩ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠳᠠᠷᠤᠭ᠎ᠠ | ᠸᠠᠩ ᠵᠢᠶᠦ᠋ᠨ ᠫᠦ᠋ ᠵᠡᠷᠭᠡ ᠬᠠᠮᠲᠤ ᠰᠢᠮᠳᠠᠭᠤᠯᠤᠨ ᠪᠠᠶᠢᠴᠠᠭᠠᠨ ᠰᠤᠳᠤᠯᠪᠠ᠃ ᠦᠬᠠᠢ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠪᠠᠶ ᠶᠠᠨ᠂ ᠬᠤᠳᠠ ᠶᠢᠨ ᠳᠡᠳ᠋ ᠳᠠᠷᠤᠭ᠎ᠠ | ᠴᠧᠨ ᠸᠧᠨ ᠺᠦ᠋ ᠵᠡᠷᠭᠡ ᠪᠠᠷ᠎ᠠ ᠪᠣᠯᠪᠠ᠃ | ᠴᠠᠩ ᠵᠢᠶᠦ᠋ᠨ ᠵᠧᠩ ᠨᠠᠷ ᠤᠷᠢᠳ ᠬᠤᠵᠢᠳ ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠲᠠᠬᠢ ᠳ᠋ᠧ ᠱᠧᠩ ᠪᠤᠯᠤᠳ ᠲᠡᠮᠤᠷ ᠤᠨ ᠬᠢᠵᠠᠭᠠᠷᠲᠤ ᠺᠣᠮᠫᠠᠨᠢ᠂ ᠴᠢᠶᠠᠨ ᠯᠢ ᠱᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠠᠬᠢ ᠬᠠᠲᠤᠨ ᠭᠤᠣᠯ ᠠᠵᠤ ᠦᠢᠯᠡᠳᠪᠦᠷᠢ ᠠᠷᠠᠯᠵᠢᠶᠠᠨ ᠤ ᠪᠦᠯᠦᠭᠯᠡᠯ ᠤᠨ ᠴᠢᠶᠠᠨ ᠯᠢ | ᠱᠠᠨ ᠨᠡᠭᠦᠷᠡᠰᠦᠨ ᠬᠤᠷᠠᠰᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠴᠢ ᠹᠸᠡᠭ ᠨᠡᠭᠦᠷᠡᠰᠦᠨ ᠠᠭᠤᠷᠬᠠᠶ᠂ | ᠶᠣᠰᠣᠲᠤ ᠨᠡᠭᠦᠷᠡᠰᠦᠨ ᠠᠭᠤᠷᠬᠠᠶ᠂ ᠱᠧᠨ ᠬᠤᠸᠠ ᠵᠢᠶᠦ᠋ᠨ ᠵᠧᠩ ᠨᠡᠭᠦᠷᠡᠰᠦᠨ ᠠᠭᠤᠷᠬᠠᠶ ᠵᠡᠷᠭᠡ ᠭᠠᠵᠠᠷ ᠲᠤ | ᠭᠦᠨᠵᠡᠭᠡᠶᠢᠷᠡᠵᠦ᠂ ᠠᠵᠤ ᠠᠬᠤᠶᠢᠯᠠᠯ ᠤᠨ ᠰᠢᠲᠠᠭᠠᠨ ᠪᠠᠷᠢᠯᠳᠤᠭᠤᠯᠬᠤ ᠮᠠᠰᠢᠨ ᠤ ᠬᠦᠬᠦᠷ ᠥᠬᠡᠶᠢᠳᠡᠭᠦᠯᠬᠦ᠂ ᠤᠲᠤᠭ᠎ᠠ | ᠠᠭᠤᠷ ᠤᠨ ᠬᠦᠬᠦᠷ ᠥᠬᠡᠶᠢᠳᠡᠭᠦᠯᠬᠦ᠂ ᠲᠣᠭᠤᠰᠣ ᠠᠷᠢᠯᠭᠠᠬᠤ ᠥᠭᠡᠷᠡᠴᠢᠯᠡᠯᠲᠡ᠂ ᠡᠳ᠋ ᠮᠠᠲ᠋ᠧᠷᠢᠶᠠᠯ ᠣᠪᠣᠭᠠᠯᠠᠬᠤ | ᠲᠠᠯᠠᠪᠠᠢ ᠶᠢᠨ ᠲᠣᠭᠤᠰᠣᠨ ᠤ ᠵᠠᠰᠠᠯᠲᠠ ᠵᠢᠴᠢ ᠨᠡᠭᠦᠷᠡᠰᠦᠨ ᠠᠭᠤᠷᠬᠠᠶ ᠶᠢᠨ ᠰᠢᠷᠣᠶ ᠢᠯᠭᠠᠬᠤ ᠲᠠᠯᠠᠪᠠᠢ ᠶᠢᠨ | ᠴᠡᠭᠴᠡᠯᠡᠨ ᠵᠠᠰᠠᠬᠤ᠂ ᠨᠡᠭᠦᠷᠡᠰᠦᠨ ᠴᠢᠯᠠᠭᠤ ᠶᠢᠨ ᠵᠠᠰᠠᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠪᠠ᠃ | 11 ᠤ ᠡᠳᠦᠷ ᠲᠤ ᠬᠤᠷᠠᠯᠳᠤᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠴᠠᠩ | ᠵᠢᠶᠦ᠋ᠨ ᠵᠧᠩ ᠦᠬᠠᠶ ᠬᠤᠳᠠ᠂ ᠤᠷᠳᠤᠰ ᠬᠤᠳᠠ᠂ ᠠᠯᠠᠱᠠ ᠠᠶᠢᠮᠠᠭ ᠤᠨ ᠲᠤᠰ ᠭᠠᠵᠠᠷ ᠣᠷᠣᠨ ᠤ ᠠᠭᠠᠷ | ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠪᠠ᠃ ᠴᠠᠩ ᠵᠢᠶᠦ᠋ᠨ ᠵᠧᠩ ᠵᠢᠭᠠᠵᠤ ᠭᠠᠷᠭᠠᠭᠰᠠᠨ ᠨᠢ᠂ ᠠᠭᠠᠷ ᠮᠠᠨᠳᠠᠯ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠬᠦᠴᠢᠷᠳᠡᠯ ᠶᠡᠭᠡ | ᠶᠤᠮ᠂ ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠢᠶᠠᠨ ᠲᠦᠯᠬᠢᠨ ᠠᠬᠢᠭᠤᠯᠬᠤ | ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠨᠡᠮᠡᠭᠳᠡᠭᠦᠯᠵᠦ᠂ ᠦᠵᠡᠯ ᠰᠠᠨᠠᠭ᠎ᠠ ᠤᠢᠢᠯᠡ | ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠢᠳᠪᠦᠷᠢᠲᠦ ᠪᠤᠲᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠰᠢᠪᠲᠤᠯᠤᠯᠲᠠ ᠬᠢᠬᠦ ᠢᠲᠡᠭᠡᠯ ᠵᠣᠷᠢᠭ ᠢᠶᠠᠨ ᠬᠥᠪᠴᠢᠯᠡᠵᠦ᠂ | ᠪᠡᠷᠬᠡᠰᠢᠶᠡᠬᠦ ᠦᠵᠡᠯ ᠰᠠᠨᠠᠭ᠎ᠠ ᠪᠠᠨ ᠢᠯᠠᠨ ᠳᠠᠪᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ | ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠭᠠᠷ ᠮᠠᠨᠳᠠᠯ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ ᠦᠷ᠎ᠡ | ᠪᠦᠲᠦᠮᠵᠢ ᠭᠠᠷᠭᠠᠬᠤ ᠬᠡᠷᠡᠭᠲᠡᠶ ᠭᠡᠵᠡᠢ᠃ | ᠴᠠᠩ ᠵᠢᠶᠦ᠋ᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠬᠦ᠂ ᠵᠦᠢ ᠵᠣᠬᠢᠰᠲᠠᠶ ᠲᠣᠬᠢᠷᠠᠭᠤᠯᠬᠤ ᠶᠢ | ᠪᠠᠷᠢᠮᠲᠠᠯᠠᠵᠤ᠂ ᠡᠷᠬᠡᠪᠰᠢ ᠠᠷᠭ᠎ᠠ ᠮᠠᠶ᠋ᠢᠭ ᠢᠶᠠᠨ ᠠᠩᠬᠠᠷᠴᠤ᠂ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠥᠷᠥᠯ | ᠢᠯᠭᠠᠬᠤ᠂ ᠲᠥᠷᠥᠯ ᠬᠤᠪᠢᠶᠠᠬᠤ᠂ ᠳᠠᠷᠠᠭᠠᠯᠠᠯ ᠬᠤᠪᠢᠶᠠᠬᠤ᠂ ᠬᠠᠷᠢᠭᠤᠴᠠᠯᠭ᠎ᠠ ᠡᠭᠦᠷᠭᠡᠯᠡᠬᠦ ᠵᠠᠷᠴᠢᠮ ᠶᠣᠰᠣᠭᠠᠷ | ᠠᠵᠢᠯ ᠢᠶᠠᠨ ᠠᠬᠢᠭᠤᠯᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠣᠳᠠᠲᠤ ᠪᠦᠳᠤᠮᠵᠢᠳᠤ | ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠦᠴᠢᠷ ᠪᠡᠷᠬᠡᠰᠢᠶᠡᠯ ᠢ | ᠢᠯᠠᠨ ᠳᠠᠪᠠᠵᠤ᠂ ᠰᠤᠳᠤᠯᠤᠨ ᠨᠤᠲᠠᠯᠠᠬᠤ ᠠᠵᠢᠯ ᠢ ᠤᠯᠠᠨ ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ | ᠬᠦᠴᠢᠷᠳᠡᠯᠲᠡᠢ ᠠᠰᠠᠭᠤᠳᠠᠯ ᠢ ᠬᠦᠴᠦ ᠲᠠᠯᠪᠢᠨ ᠰᠢᠶᠢᠳᠪᠦᠷᠢᠯᠡᠵᠦ᠂ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠶᠢᠨ ᠭᠦᠨᠵᠡᠭᠡᠶᠢᠷᠡᠯ ᠢ ᠠᠬᠢᠭᠤᠯᠬᠤ ᠬᠡᠷᠡᠭᠲᠡᠢ︔ ᠴᠡᠭᠴᠡᠯᠡᠨ ᠵᠠᠰᠠᠬᠤ ᠪᠡᠯᠡ ᠮᠥᠩᠭᠦ ᠶᠢ | ᠤᠯᠠᠨ ᠠᠷᠭ᠎ᠠ ᠵᠠᠮ ᠢᠶᠠᠷ ᠴᠤᠭᠯᠠᠭᠤᠯᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ | ᠵᠦᠢᠯ ᠤᠨ ᠵᠠᠷᠤᠳᠠᠯ ᠭᠠᠷᠭᠠᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦᠨ ᠤ ᠳᠡᠮᠵᠢᠯᠭᠡ ᠶᠢ | ᠢᠳᠡᠪᠬᠢᠲᠡᠶ ᠣᠯᠵᠤ᠂ ᠨᠡᠶᠢᠭᠡᠮ ᠤᠨ ᠬᠦᠴᠦᠨ ᠤ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠷᠤᠭᠰᠢᠲᠠᠶ ᠠᠬᠢᠬᠤ ᠶᠢ ᠪᠠᠲᠤᠯᠠᠬᠤ | ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠪᠤᠲᠠᠲᠠᠶᠢᠵᠢᠭᠤᠯᠵᠤ᠂ ᠬᠢᠨᠠᠯᠲᠠ | ᠲᠠᠯᠪᠢᠨ ᠪᠠᠶᠢᠴᠠᠭᠠᠬᠤ ᠶᠢ ᠪᠣᠲᠠᠲᠠᠶᠢᠵᠢᠭᠤᠯᠵᠤ᠂ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠶᠢ ᠪᠤᠲᠠᠲᠠᠶᠢᠵᠢᠭᠤᠯᠵᠤ᠂ | ᠬᠢᠨᠠᠨ ᠰᠢᠯᠭᠠᠵᠤ ᠬᠠᠷᠢᠭᠤᠴᠠᠯᠭ᠎ᠠ ᠲᠤᠯᠭᠠᠬᠤ ᠶᠢ ᠪᠤᠲᠠᠲᠠᠶᠢᠵᠢᠭᠤᠯᠵᠤ᠂ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠠᠭᠠᠷ ᠮᠠᠨᠳᠠᠯ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠠᠰᠤᠷᠠᠯᠲᠠ ᠦᠭᠡᠶ ᠰᠢᠨ᠎ᠡ ᠠᠬᠢᠴᠠ ᠲᠠᠢ ᠪᠣᠯᠬᠤ ᠶᠢ | ᠪᠠᠲᠤᠯᠠᠵᠤ᠂ ᠣᠷᠣᠨ ᠲᠣᠭᠤᠷᠢᠭ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ | ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ |