ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠭᠠᠵᠠᠷ ᠰᠢᠷᠣᠶ ᠶᠢ ᠵᠠᠰᠠᠬᠤ ᠲᠦᠷᠦᠯ ᠵᠦᠢᠯ ᠳᠤ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠢ ᠲᠡᠷᠢᠭᠦᠨ | ᠪᠠᠶᠢᠷᠢᠨ ᠳᠤ ᠲᠠᠯᠪᠢᠵᠤ᠂ ᠨᠡᠭᠡᠭᠡᠨ ᠬᠥᠭᠵᠢᠭᠦᠯᠬᠦ ᠪᠠᠶᠢᠷᠢᠰᠢᠯ ᠢ ᠲᠤᠬᠢᠷᠠᠭᠤᠯᠤᠨ ᠰᠢᠯᠵᠢᠭᠦᠯᠵᠦ᠂ ᠠᠮᠢ ᠠᠬᠤᠶ ᠶᠢᠨ | ᠨᠥᠬᠦᠷᠰᠡᠭ ᠬᠡᠯᠪᠡᠷᠢ ᠶᠢᠨ ᠲᠠᠷᠢᠶᠠᠯᠠᠩ ᠢ ᠬᠥᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠪᠠ ᠭᠤᠤᠯᠳᠠᠯᠭ᠎ᠠ | ᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠦᠨᠡᠨ ᠬᠦ ᠪᠠᠲᠤᠯᠠᠵᠤ ᠪᠠᠶᠢᠨ᠎ᠠ᠃ | ᠣᠳᠣᠬᠠᠨ ᠪᠣᠯᠲᠠᠯ᠎ᠠ᠂ ᠬᠤᠩᠱᠠᠨ ᠲᠤᠭᠤᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢ | ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢᠭᠡᠨᠲᠡ 5000 ᠲᠦᠮᠡᠨ ᠮᠦ | ᠲᠦᠯᠦᠪᠵᠢᠭᠦᠯᠭᠡ ᠶᠢᠨ ᠵᠢᠷᠤᠭ ᠲᠦᠯᠦᠪᠯᠡᠭᠡ ᠶᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠳᠠᠬᠢ ᠪᠦᠲᠦᠭᠡᠨ | ᠪᠠᠶᠢᠭᠤᠯᠤᠯᠲᠠ ᠶᠢᠨ 500 ᠲᠦᠮᠡᠨ ᠮᠦ ᠶᠢ ᠪᠦᠬᠦᠨ ᠢ ᠳᠠᠭᠤᠰᠬᠠᠵᠤ᠂ ᠨᠢᠭᠡᠨᠲᠡ ᠠᠰᠢᠭᠯᠠᠯᠲᠠ ᠳᠤ | ᠣᠷᠣᠭᠤᠯᠤᠭᠰᠠᠨ 14 ᠵᠦᠢᠯᠡᠰ ᠤᠨ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ ᠪᠠᠶᠢᠭ᠎ᠠ 21 ᠲᠥᠷᠥᠯ ᠵᠦᠢᠯ ᠳᠤ 8.6 ᠳ᠋ᠦᠩᠰᠢᠭᠤᠷ | ᠲᠦᠬᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 26 ᠲᠦᠷᠦᠯ ᠵᠦᠢᠯ ᠪᠠᠰᠠ ᠤᠳᠠᠯ ᠦᠭᠡᠶ ᠬᠦᠷᠢᠶᠡᠯᠡᠩ | ᠲᠤᠭᠤᠷᠢᠭ ᠲᠤ ᠤᠷᠤᠬᠤ ᠪᠤᠯᠤᠨ᠎ᠠ᠃ | ᠠᠵᠤ ᠦᠢᠯᠡᠰᠵᠢᠯᠲᠡ ᠶᠢᠨ ᠡᠵᠡᠩᠨᠡᠬᠦ ᠲᠦᠷᠦᠯ ᠵᠦᠢᠯ ᠳᠤ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠳ ᠢ ᠲᠠᠶᠢᠴᠢᠯᠠᠨ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠮᠠᠯᠴᠢᠨ ᠲᠠᠷᠢᠶᠠᠴᠢᠨ ᠯᠤᠭ᠎ᠠ ᠨᠢᠭᠲᠠ ᠬᠤᠯᠪᠣᠭ᠎ᠠ ᠲᠠᠢ ᠲᠥᠷᠥᠯ | ᠵᠦᠢᠯ ᠢ ᠰᠤᠩᠭᠤᠵᠤ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠲᠡᠳᠬᠦᠨ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ | ᠰᠠᠯᠠᠭ᠎ᠠ ᠮᠦᠴᠢᠷ ᠤᠨ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠲᠠᠷᠢᠶᠠᠯᠠᠩ ᠤᠨ | ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ ᠶᠢᠨ ᠲᠦᠷᠦᠯ ᠵᠦᠢᠯ ᠤᠨ ᠬᠥᠮᠥᠷᠭᠡ ᠶᠢ ᠤᠷᠢᠳ ᠬᠤᠵᠢᠳ ᠳᠡᠰ | ᠳᠠᠷᠠᠭᠠᠯᠠᠨ ᠰᠢᠨᠡᠳᠬᠡᠵᠦ ᠨᠦᠬᠦᠪᠦᠷᠢᠯᠡᠨ 2016 ᠣᠨ ᠳᠤ ᠨᠡᠶᠢᠲᠡ 16 ᠲᠥᠷᠥᠯ ᠵᠦᠢᠯ ᠢ ᠨᠦᠭᠡᠴᠡᠯᠡᠵᠦ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠤ ᠦᠢᠯᠡᠰᠵᠢᠯᠲᠡ ᠶᠢᠨ ᠠᠯᠪᠠᠨ ᠭᠡᠷ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ | ᠰᠢᠶᠠᠩ ᠪᠠᠯᠭᠠᠰᠤᠨ ᠤ ᠵᠠᠰᠠᠭ ᠤᠨ ᠣᠷᠳᠣᠨ ᠠᠴᠠ ᠳᠡᠪᠰᠢᠭᠦᠯᠦᠭᠰᠡᠨ ᠲᠦᠷᠦᠯ ᠵᠦᠢᠯ ᠢ ᠰᠢᠯᠢᠨ ᠰᠤᠩᠭᠤᠬᠤ ᠪᠠᠷ | ᠳᠠᠮᠵᠢᠭᠤᠯᠤᠨ ᠬᠤᠳᠠ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ ᠶᠢᠨ ᠠᠯᠪᠠᠨ ᠭᠡᠷ ᠤᠨ | ᠲᠦᠷᠦᠯ ᠵᠦᠢᠯ ᠤᠨ ᠬᠥᠮᠥᠷᠭᠡ ᠳᠤ ᠮᠡᠳᠡᠭᠦᠯᠦᠨ ᠬᠠᠮᠢᠶᠠᠷᠤᠭᠤᠯᠵᠡᠢ᠃ ᠲᠤᠰ ᠲᠤᠰ ᠳᠠᠷᠤᠢ᠄ ᠭᠠᠵᠠᠷ ᠰᠢᠷᠣᠶ ᠶᠢ | ᠵᠠᠰᠠᠬᠤ ᠲᠥᠷᠥᠯ ᠵᠦᠢᠯ1᠂ 2016 ᠣᠨ ᠤ ᠬᠤᠩᠱᠠᠨ ᠲᠤᠭᠤᠷᠢᠭ ᠤᠨ 5000 ᠮᠥ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠤᠩ ᠮᠢᠶᠣᠣ ᠽᠢ ᠪᠠᠯᠭᠠᠰᠤ ᠶᠢᠨ | ᠬᠤᠶᠢᠲᠤ ᠲᠣᠰᠬᠤᠨ ᠪᠠ ᠬᠥᠭᠦᠷᠭᠡ ᠶᠢᠨ ᠬᠤᠶᠢᠳᠠᠶᠢᠬᠢ ᠬᠡᠷᠡᠭ ᠡᠷᠬᠢᠯᠡᠬᠦ ᠭᠠᠵᠠᠷ ᠤᠨ ᠯᠢᠦ ᠳ᠋ᠡ ᠹᠧᠨ ᠭᠠᠴᠠᠭᠠᠨ ᠤ | ᠲᠦᠷᠦᠯ ᠵᠦᠢᠯ ᠢ ᠬᠤᠶᠠᠷ ᠲᠦᠷᠦᠯ ᠵᠦᠢᠯ ᠤᠨ ᠤᠷᠤᠨ ᠪᠤᠯᠭᠠᠨ ᠬᠤᠪᠢᠶᠠᠨ᠎ᠠ᠃ ᠠᠵᠤ ᠦᠢᠯᠡᠰᠵᠢᠯᠲᠡ ᠶᠢᠨ | ᠲᠦᠷᠦᠯ ᠵᠦᠢᠯ 14᠂ ᠳᠠᠮ ᠬᠦᠦ ᠲᠠᠢ ᠲᠥᠷᠥᠯ ᠵᠦᠢᠯ 9᠂ ᠡᠳ᠋ ᠤᠨ ᠵᠠᠰᠠᠭ ᠤᠨ ᠨᠥᠬᠦᠪᠥᠷᠢ ᠶᠢᠨ ᠲᠦᠷᠦᠯ | ᠵᠦᠢᠯ 5 ᠪᠠᠶᠢᠨ᠎ᠠ᠃ ᠤᠢ ᠰᠢᠭᠤᠶ ᠶᠢᠨ ᠰᠠᠯᠠᠭ᠎ᠠ ᠮᠦᠴᠢᠷ ᠤᠨ ᠲᠥᠷᠥᠯ ᠵᠦᠢᠯ1᠂ ᠬᠤᠩᠱᠠᠨ ᠲᠤᠭᠤᠷᠢᠭ ᠤᠨ | 2016 ᠣᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠵᠢᠮᠢᠰ ᠤᠨ ᠮᠣᠳᠣ ᠶᠢᠨ ᠰᠠᠭᠤᠷᠢᠨ ᠭᠠᠵᠠᠷ ᠤᠨ | ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠪᠤᠯᠤᠨ᠎ᠠ᠃ |