2016 ᠣᠨ ᠤ ᠥᠪᠥᠷ ᠮᠣᠩᠭᠤᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠴᠠᠭ ᠤᠨ ᠬᠤᠪᠢᠶᠠᠷᠢ ᠪᠠ ᠬᠢᠴᠢᠶᠡᠯ ᠲᠥᠷᠥᠯ ᠤᠨ ᠲᠣᠬᠢᠷᠠᠭᠤᠯᠤᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/5/13
     2016 ᠤᠨ ᠤ ᠦᠪᠦᠷ ᠮᠣᠩᠭᠤᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠴᠠᠭ ᠤᠨ ᠬᠤᠪᠢᠶᠠᠷᠢ ᠪᠠ ᠬᠢᠴᠢᠶᠡᠯ ᠲᠥᠷᠥᠯ ᠤᠨ ᠲᠣᠬᠢᠷᠠᠭᠤᠯᠤᠯᠲᠠ ᠳᠤᠤᠷᠠᠬᠢ ᠮᠡᠲᠦ᠄
           ᠨᠢᠭᠡ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠡᠯᠰᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠲᠤᠰᠠᠭᠠᠷ ᠰᠢᠯᠭᠠᠯᠲᠠ ᠪᠠᠭᠲᠠᠨ᠎ᠠ︶ 2016 ᠤᠨ ᠤ 6 ᠳ᠋ᠤᠭᠠᠷ ᠰᠠᠷ᠎ᠠ ᠶᠢᠨ 7᠎ ᠤ ᠡᠳᠦᠷ ᠠᠴᠠ ᠡᠬᠢᠯᠡᠵᠦ᠂ ᠡᠯ᠎ᠡ ᠬᠢᠴᠢᠶᠡᠯ ᠲᠦᠷᠦᠯ ᠤᠨ ᠰᠢᠯᠭᠠᠯᠲᠠ ᠶᠢᠨ ᠴᠠᠭ ᠬᠤᠭᠤᠴᠠᠭ᠎ᠠ ᠶᠢ ᠳᠣᠣᠷᠠᠬᠢ ᠮᠡᠲᠦ ᠲᠣᠬᠢᠷᠠᠭᠤᠯᠪᠠ᠄      2016 ᠣᠨ ᠤ ᠥᠪᠥᠷ ᠮᠣᠩᠭᠤᠯ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠴᠠᠭ ᠤᠨ ᠬᠤᠪᠢᠶᠠᠷᠢ ᠪᠠ ᠬᠢᠴᠢᠶᠡᠯ ᠲᠥᠷᠥᠯ ᠤᠨ ᠲᠣᠬᠢᠷᠠᠭᠤᠯᠤᠯᠲᠠ      ᠡᠭᠦᠨ ᠳᠤ᠂ ᠭᠠᠳᠠᠭᠠᠳᠤ ᠬᠡᠯᠡᠨ ︵ᠰᠣᠨᠣᠰᠬᠤ ᠴᠢᠳᠠᠪᠤᠷᠢ ᠶᠢᠨ ᠰᠢᠯᠭᠠᠯᠲᠠ︶᠎ ᠤ ᠬᠢᠴᠢᠶᠡᠯ ᠲᠦᠷᠦᠯ ᠨᠢ ᠤᠷᠢᠳᠠᠪᠠᠷ ᠪᠢᠷ ᠤᠨ ᠰᠢᠯᠭᠠᠯᠲᠠ ᠬᠢᠵᠤ᠂ ᠳᠠᠷᠠᠭ᠎ᠠ ᠨᠢ ᠰᠤᠨᠤᠰᠬᠤ ᠴᠢᠳᠠᠪᠤᠷᠢ ᠶᠢᠨ ᠰᠢᠯᠭᠠᠯᠲᠠ ᠬᠢᠨ᠎ᠡ︔ ᠪᠢᠷ ᠤᠨ ᠰᠢᠯᠭᠠᠯᠲᠠ ᠶᠢᠨ ᠴᠠᠭ ᠨᠢ 100 ᠮᠢᠨᠦ᠋ᠲ᠂ ᠰᠤᠨᠤᠰᠬᠤ ᠴᠢᠳᠠᠪᠤᠷᠢ ᠶᠢᠨ ᠰᠢᠯᠭᠠᠯᠲᠠ ᠶᠢᠨ ᠴᠠᠭ ᠨᠢ ᠪᠠᠷᠤᠭ 20 ᠮᠢᠨᠦ᠋ᠲ ᠶᠠᠪᠤᠭᠳᠠᠨ᠎ᠠ᠃      ᠬᠤᠶᠠᠷ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠡᠯᠰᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠲᠤᠰᠠᠭᠠᠷ ᠰᠢᠯᠭᠠᠯᠲᠠ ᠶᠢᠨ ᠲᠠᠮᠢᠷ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶᠢᠯᠡᠭᠰᠡᠨ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 11᠎ ᠤ ᠡᠳᠦᠷ᠂ ᠰᠢᠯᠭᠠᠯᠲᠠ ᠶᠢᠨ ᠭᠠᠵᠠᠷ ᠨᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠰᠤᠷᠭᠠᠭᠤᠯᠢ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 19 ᠳ᠋ᠤᠭᠡᠷ ᠨᠤᠮᠧᠷ︶᠃ ᠰᠢᠯᠭᠠᠭᠤᠯᠤᠭᠰᠠᠳ 6 ᠳ᠋ᠤᠭᠠᠷ ᠰᠠᠷ᠎ᠠ ᠶᠢᠨ 10᠎ ᠤ ᠡᠳᠦᠷ ᠰᠢᠯᠭᠠᠬᠤ ᠭᠠᠵᠠᠷ ᠲᠤ ᠪᠠᠨ ᠣᠴᠢᠵᠤ ᠨᠡᠷ᠎ᠡ ᠮᠡᠳᠡᠭᠦᠯᠦᠨ᠎ᠡ᠃      ᠭᠤᠷᠪᠠ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠰᠢᠯᠭᠠᠯᠲᠠ ᠨᠢ 6 ᠳ᠋ᠤᠭᠠᠷ ᠰᠠᠷ᠎ᠠ ᠶᠢᠨ 9᠎ ᠤ ᠡᠳᠦᠷ ᠤᠨ 8᠄ 00 ᠴᠠᠭ ᠠᠴᠠ 6 ᠳ᠋ᠤᠭᠠᠷ ᠰᠠᠷ᠎ᠠ ᠶᠢᠨ 14᠎ ᠤ ᠡᠳᠦᠷ ᠤᠨ 18᠄ 00 ᠴᠠᠭ ᠪᠣᠯᠲᠠᠯ᠎ᠠ ᠶᠠᠪᠤᠭᠳᠠᠨ᠎ᠠ᠂ ᠰᠢᠯᠭᠠᠯᠲᠠ ᠶᠢᠨ ᠭᠠᠵᠠᠷ ᠵᠢᠴᠢ ᠪᠣᠳᠠᠲᠠᠶ  ᠰᠢᠯᠭᠠᠬᠤ ᠴᠠᠭ ᠢ ᠬᠤᠰᠢᠭᠤ ᠰᠢᠶᠠᠨ ᠲᠣᠭᠤᠷᠢᠭ ᠤᠨ ᠰᠤᠷᠤᠭᠴᠢ ᠡᠯᠰᠡᠬᠦ ᠠᠯᠪᠠᠨ ᠭᠡᠷ ᠠᠴᠠ ᠲᠤᠭᠲᠠᠭᠠᠵᠤ ᠰᠢᠯᠭᠠᠭᠤᠯᠤᠭᠰᠠᠳ ᠤᠨ ᠲᠤᠰ ᠬᠥᠮᠦᠨ ᠳᠤᠨᠢ ᠮᠡᠳᠡᠭᠳᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号