ᠮᠠᠰᠢᠨᠲᠤ ᠲᠡᠷᠭᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠴᠢᠩᠭᠠᠳᠬᠠᠬᠤ ᠶᠢᠨ ᠲᠤᠰᠠᠳᠠ᠂ | 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ᠂ ᠬᠥᠬᠡᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶ᠎ᠠ ᠨᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠪᠦᠬᠦ ᠬᠤᠲᠠ ᠶᠢᠨ | ᠬᠡᠪᠴᠢᠶᠡᠨ ᠳᠤ ᠲᠦᠷᠪᠡᠠ ᠬᠦᠷᠳᠦᠲᠦ ︽ᠰᠢᠷ᠎ᠠ ᠲᠡᠮᠳᠡᠭᠲᠦ ᠲᠡᠷᠭᠡ︾ ᠪᠠ ︽ᠲᠡᠮᠳᠡᠭ ᠤᠢᠭᠡᠢ ᠲᠡᠷᠭᠡ︾ ᠶᠢ | ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠠᠤᠯᠢ ᠠᠴᠠ ᠵᠦᠷᠢᠴᠡᠨ ᠬᠤᠷᠢᠭ᠎ᠠ ᠴᠠᠭᠠᠵᠠ ᠶᠢᠨ | ᠣᠷᠤᠨ ᠢᠶᠠᠷ ᠠᠶᠠᠯᠠᠭᠰᠠᠨ ︽ᠰᠢᠷ᠎ᠠ ᠲᠡᠮᠳᠡᠭᠲᠦ ᠲᠡᠷᠭᠡ︾᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ | ᠪᠠᠶᠢᠴᠠᠭᠠᠬᠤ ᠳᠤ ᠣᠷᠤᠯᠴᠠᠭᠰᠠᠨ ᠦᠭᠡᠢ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠮᠳᠡᠭ ᠦᠭᠡᠢ ᠵᠢᠴᠢ | ᠵᠠᠮ ᠢᠶᠠᠷ ᠬᠠᠷ᠎ᠠ ᠤᠲᠤᠭ᠎ᠠ ᠪᠠᠭᠠᠭᠢᠭᠤᠯᠤᠨ ᠠᠶᠠᠯᠠᠵᠤ ᠪᠠᠶᠢᠭ᠎ᠠ ᠮᠠᠰᠢᠨᠲᠤ ᠲᠡᠷᠭᠡ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠡᠮᠳᠡᠭ ᠢᠶᠠᠨ ᠠᠪᠤᠭ᠎ᠠ ᠦᠭᠡᠢ ᠰᠢᠨ᠎ᠡ ᠬᠤᠳᠠᠯᠳᠤᠨ ᠠᠪᠤᠭᠰᠠᠨ ᠪᠠᠭ᠎ᠠ ᠬᠡᠯᠪᠡᠷᠢ ᠶᠢᠨ ᠴᠢᠶ᠋ᠢᠥ | ᠲᠣᠰᠣ ᠰᠢᠲᠠᠭᠠᠬᠤ ᠲᠡᠷᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠮᠳᠡᠭ ᠢ ᠬᠠᠭᠤᠷᠮᠠᠭᠯᠠᠨ ᠵᠣᠬᠢᠶᠠᠭᠰᠠᠨ | ᠪᠠ ᠥᠭᠡᠷᠡᠲᠦᠭᠦᠯᠦᠨ ᠵᠣᠬᠢᠶᠠᠭᠰᠠᠨ ᠮᠠᠰᠢᠨᠲᠤ ᠲᠡᠷᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠮᠳᠡᠭᠲᠦ ᠶᠢᠨ | ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠵᠡᠮ ᠢᠶᠠᠷ ᠶᠠᠪᠤᠵᠤ ᠪᠠᠶᠢᠭ᠎ᠠ ᠮᠠᠰᠢᠨᠲᠤ ᠲᠡᠷᠭᠡ ᠶᠢ ᠭᠤᠣᠯᠳᠠᠯᠭ᠎ᠠ ᠲᠠᠢ | ᠪᠠᠶᠢᠴᠠᠭᠠᠪᠠ᠃ ᠲᠤᠰᠬᠠᠶ ᠴᠡᠭᠴᠡᠯᠡᠨ ᠵᠠᠰᠠᠬᠤ ᠠᠵᠢᠯ ᠨᠢ 10 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃ | ᠠᠩᠬᠠᠳᠤᠭᠠᠷ ᠡᠭᠡᠯᠵᠢ ᠶᠢᠨ ᠲᠤᠰᠬᠠᠶ ᠴᠡᠭᠴᠡᠯᠡᠨ ᠵᠠᠰᠠᠬᠤ ᠠᠵᠢᠯ ᠳᠤ᠂ ᠨᠡᠶᠢᠲᠡ 1959 ᠰᠠᠭᠤᠷᠢ ᠮᠠᠰᠢᠨ | ᠲᠡᠷᠭᠡᠨ ᠳᠤ ᠪᠠᠶᠢᠴᠠᠭᠠᠯᠲᠠ ᠬᠢᠨ᠎ᠡ᠂ ᠡᠭᠦᠨ ᠳᠤ ᠨᠣᠭᠤᠭᠠᠨ ᠲᠡᠮᠳᠡᠭᠲᠦ ᠲᠡᠷᠭᠡ 1355᠂ ᠬᠤᠷᠢᠭ᠎ᠠ ᠴᠠᠭᠠᠵᠠ ᠶᠢᠨ | ᠲᠣᠭᠲᠠᠭᠠᠯ ᠠᠴᠠ ᠵᠦᠷᠢᠴᠡᠭᠰᠡᠨ ︽ᠰᠢᠷ᠎ᠠ ᠲᠡᠮᠳᠡᠭᠲᠦ ᠲᠡᠷᠭᠡ︾ 73᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠡᠮᠳᠡᠭ ᠦᠭᠡᠢ ᠲᠡᠷᠭᠡ 531 ᠢ ᠪᠠᠶᠢᠴᠠᠭᠠᠨ᠎ᠠ᠃ ᠲᠤᠰ ᠡᠭᠡᠯᠵᠢ ᠶᠢᠨ ᠬᠠᠤᠯᠢ ᠬᠡᠷᠡᠭᠵᠢᠭᠦᠯᠬᠦ ᠲᠤᠰᠬᠠᠶ | ᠪᠠᠶᠢᠴᠠᠭᠠᠯᠲᠠ ᠪᠠᠷ ᠳᠠᠮᠵᠢᠨ᠂ ᠬᠤᠳᠠ ᠶᠢᠨ ᠮᠠᠰᠢᠨ ᠲᠡᠷᠭᠡᠨ ᠤ ᠤᠲᠤᠭ᠎ᠠ ᠶᠢ ᠪᠠᠶᠢᠴᠠᠭᠠᠬᠤ ᠬᠡᠮᠵᠢᠯᠲᠡ ᠪᠣᠯᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠣᠯᠭᠤᠬᠤ | ᠠᠵᠢᠯ ᠢ ᠥᠷᠭᠡᠨ ᠳᠡᠯᠭᠡᠷ ᠤᠬᠠᠭᠤᠯᠵᠦ᠂ ᠲᠡᠷᠭᠡᠨ ᠡᠵᠡᠳ ᠤᠨ ᠮᠠᠰᠢᠨᠲᠤ ᠲᠡᠷᠭᠡᠨ ᠤ ᠤᠲᠤᠭ᠎ᠠ ᠶᠢ ᠪᠠᠶᠢᠴᠠᠭᠠᠨ | ᠬᠡᠮᠵᠢᠬᠦ ᠳᠤ ᠣᠷᠤᠯᠴᠠᠬᠤ ᠪᠠ ᠰᠠᠨᠠᠭᠠᠴᠢᠯᠠᠭ᠎ᠠ ᠠᠴᠠ ᠪᠠᠨ ᠣᠷᠴᠢᠨ ᠲᠣᠭᠤᠷᠢᠨ ᠤ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠲᠡᠮᠳᠡᠭ ᠢ ᠠᠪᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠨᠢ ᠨᠡᠮᠡᠭᠳᠡᠭᠦᠯᠦᠨ᠂ ᠲᠠᠷᠠᠭᠠᠴᠢ ᠶᠢᠨ | ᠠᠯᠬᠤᠮ ᠤᠨ ︽ᠰᠢᠷ᠎ᠠ ᠲᠡᠮᠳᠡᠭᠲᠦ ᠲᠡᠷᠭᠡ︾᠂ ︽ᠲᠡᠮᠳᠡᠭ ᠤᠢᠭᠡᠢ ᠲᠡᠷᠭᠡ︾ ᠶᠢᠨ ᠬᠠᠤᠯᠢ ᠬᠡᠷᠡᠭᠵᠢᠭᠦᠯᠬᠦ ᠲᠤᠰᠬᠠᠶ | ᠪᠠᠶᠢᠴᠠᠭᠠᠯᠲᠠ ᠶᠢ ᠭᠦᠨᠵᠡᠭᠡᠢ ᠦᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠭᠦᠨ᠎ᠡ᠃ |