ᠪᠠᠶᠠᠨᠨᠠᠭᠤᠷ ᠬᠤᠲᠠ ︽ᠰᠢᠪᠠᠷ ᠪᠠᠶᠢᠰᠢᠩ ᠢ ᠲᠣᠭᠤᠰᠬᠠᠨ ᠪᠠᠶᠢᠰᠢᠩ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠠᠵᠢᠯ ᠢ ᠢᠳᠡᠪᠬᠢᠲᠡᠶ ᠲᠥᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2016/5/16
     ᠨᠢᠭᠡᠳᠦᠭᠡᠷ ᠤᠯᠠᠷᠢᠯ ᠳᠤ᠂ ᠪᠠᠶᠠᠨᠨᠠᠭᠤᠷ ᠬᠤᠳᠠ 14 ᠬᠤᠲᠠ ᠶᠢᠨ ᠱᠠᠲᠤᠨ ᠤ ᠲᠤᠷᠰᠢᠯᠲᠠ ᠶᠢᠨ ᠴᠢᠭ᠋ ᠪᠣᠯᠣᠨ 85 ᠰᠢᠶᠠᠨ ᠤ ᠱᠠᠲᠤᠨ ᠤ ᠲᠤᠷᠰᠢᠯᠲᠠ ᠶᠢᠨ ᠴᠢᠭ᠋ ᠤᠨ ᠠᠶᠢᠯ ᠲᠣᠰᠬᠤᠨ ᠤ ᠭᠠᠵᠠᠷ ᠰᠣᠩᠭᠤᠬᠤ᠂ ᠲᠥᠯᠥᠪᠵᠢᠭᠦᠯᠬᠦ᠂ ᠬᠥᠳᠡᠭᠡ ᠲᠣᠰᠬᠤᠨ ᠤ ᠭᠡᠷ ᠪᠠᠶᠢᠰᠢᠩ ᠢ ᠵᠢᠷᠤᠵᠤ ᠲᠥᠯᠥᠪᠯᠡᠬᠦ᠂ ᠠᠶᠢᠯ ᠲᠣᠰᠬᠤᠨ ᠢ ᠬᠡᠮᠵᠢᠨ ᠵᠢᠷᠤᠬᠤ᠂ ᠲᠠᠪᠤ ᠶᠢ ᠴᠡᠪᠡᠷᠯᠡᠬᠦ᠂ ᠨᠤᠷᠠᠬᠤ ᠠᠶᠤᠯᠲᠠᠶ ᠭᠡᠷ ᠪᠠᠶᠢᠰᠢᠩ ᠢ ᠨᠤᠷᠠᠭᠠᠬᠤ᠂ ᠡᠳ᠋ ᠮᠠᠲ᠋ᠧᠷᠢᠶᠠᠯ ᠨᠥᠭᠡᠴᠡᠯᠡᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠪᠡᠶᠡᠯᠡᠭᠦᠯᠵᠦ᠂ ᠣᠳᠣᠬᠠᠨ ᠳᠤ ᠶᠠᠭ ᠪᠠᠷᠢᠯᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ ᠪᠠᠷᠢᠯᠭ᠎ᠠ ᠶᠢᠨ ᠲᠠᠯᠠᠪᠠᠢ ᠳᠤ ᠣᠷᠤᠭᠤᠯᠵᠤ ᠪᠣᠢ᠃ ᠨᠡᠭᠦᠳᠡᠯ ᠮᠠᠯᠴᠢᠳ ᠢ ᠰᠠᠭᠤᠷᠢᠰᠢᠭᠤᠯᠬᠤ ᠢᠨᠵᠧᠨᠧᠷᠢᠩ 6666 ᠡᠷᠦᠬᠡ ᠶᠢ ᠤᠳᠠᠯ ᠦᠭᠡᠢ ᠲᠡᠮᠡᠴᠡᠨ ᠣᠯᠵᠤ᠂ ᠠᠶᠢᠯ ᠲᠣᠰᠬᠤᠨ ᠤ 13 ᠬᠤᠭ ᠨᠣᠪᠰᠢ ᠶᠢ ᠴᠡᠪᠡᠷᠯᠡᠨ ᠵᠠᠰᠠᠬᠤ᠂ 13 ᠪᠣᠬᠢᠷᠲᠤᠯ ᠤᠰᠤ ᠶᠢ ᠵᠠᠰᠠᠬᠤ᠂ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠬᠤ 25 ᠲᠥᠷᠥᠯ ᠵᠦᠢᠯ ᠪᠣᠯᠤᠨ ᠪᠡᠯᠡ ᠮᠥᠩᠭᠦ ᠶᠢ ᠶᠠᠭᠤᠨ ᠤ ᠡᠮᠦᠨ᠎ᠡ ᠰᠢᠪᠠᠷ ᠪᠠᠶᠢᠰᠢᠩ ᠢ ᠲᠣᠭᠤᠰᠬᠠᠨ ᠪᠠᠶᠢᠰᠢᠩ ᠪᠣᠯᠭᠠᠨ ᠥᠭᠡᠷᠡᠴᠢᠯᠡᠬᠦ  ᠲᠤᠷᠰᠢᠯᠲᠠ ᠶᠢᠨ ᠴᠢᠭ᠋ ᠲᠤ ᠤᠷᠢᠳᠠᠪᠠᠷ ᠲᠣᠬᠢᠷᠠᠭᠤᠯᠬᠤ ᠶᠢᠨ ᠬᠠᠮᠲᠤ ︽ᠠᠷᠪᠠ ᠶᠢ ᠪᠦᠷᠢᠨ ᠪᠦᠷᠭᠦᠭᠦᠯᠬᠦ︾ ᠠᠶᠢᠯ ᠲᠣᠰᠬᠤᠨ ᠳᠤ ᠨᠢᠭᠡᠨᠲᠡ ᠬᠡᠷᠡᠭᠵᠢᠭᠦᠯᠵᠦ᠂ 20%᠎ ᠶᠢ ᠨᠢ ᠰᠣᠩᠭᠤᠨ ᠬᠤᠭ ᠨᠣᠪᠰᠢ ᠶᠢ ᠴᠡᠪᠡᠷᠯᠡᠨ ᠵᠠᠰᠠᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠣᠳᠣᠬᠠᠨ ᠳᠤ ᠡᠯ᠎ᠡ ᠵᠦᠢᠯ ᠤᠨ ᠠᠵᠢᠯ ᠢ ᠶᠠᠭ ᠰᠠᠶᠢᠬᠠᠨ ᠪᠠᠴᠢᠮ ᠪᠥᠭᠡᠳ ᠡᠮᠬᠢ ᠵᠢᠷᠤᠮ ᠲᠠᠢ ᠢᠳᠡᠪᠬᠢᠲᠡᠶ ᠪᠠᠷ ᠲᠦᠯᠬᠢᠨ ᠠᠬᠢᠭᠤᠯᠵᠤ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号