ᠥᠪᠥᠷ ᠮᠣᠩᠭᠤᠯ ᠤᠨ ᠬᠠᠮᠤᠭ ᠤᠨ ᠪᠠᠷᠠᠭᠤᠨ ᠵᠠᠬ᠎ᠠ ᠶᠢᠨ ᠭᠠᠴᠠᠭ᠎ᠠ ᠳᠤ ᠢᠨᠲ᠋ᠧᠷ ᠰᠦᠯᠵᠢᠶ᠎ᠡ ᠨᠡᠪᠲᠡᠷᠡᠪᠡ
ᠨᠡᠶᠢᠲᠡᠯᠡᠭᠰᠡᠨ ᠴᠠᠭ᠄
2016/5/17
     ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠠ ᠽᠦᠩ ᠱᠠᠨ ᠰᠤᠮᠤᠨ ᠤ ᠰᠤᠬᠠᠶ ᠪᠤᠯᠠᠭ ᠭᠠᠴᠠᠭ᠎ᠠ ᠨᠢ ᠬᠤᠰᠢᠭᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠳᠠᠯᠠᠶᠢᠭᠦ᠋ᠪ ᠪᠠᠯᠭᠠᠰᠤᠨ ᠠᠴᠠ 310 ᠺᠢᠯᠣᠮᠧᠲᠷ ᠵᠠᠶᠢᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠪᠠᠷᠠᠭᠤᠨ ᠵᠠᠬ᠎ᠠ ᠶᠢᠨ ᠭᠠᠴᠠᠭ᠎ᠠ ᠪᠤᠯᠤᠨ᠎ᠠ᠃ ᠴᠢᠮᠡᠭᠡ ᠬᠤᠯᠪᠣᠭᠠᠨ ᠤ ᠡᠵᠡᠩᠨᠡᠯᠲᠡ ᠶᠢᠨ ᠺᠤᠮᠫᠠᠨᠢ ᠶᠢᠨ ᠲᠣᠣᠷ ᠰᠦᠯᠵᠢᠶᠡᠨ ᠤ ᠦᠵᠦᠭᠦᠷ ᠲᠤ ᠣᠷᠣᠰᠢᠵᠤ ᠢᠨᠲ᠋ᠧᠷ ᠰᠦᠯᠵᠢᠶ᠎ᠡ ᠨᠡᠪᠲᠡᠷᠡᠭᠦᠯᠬᠦ ᠥᠪᠡᠷ ᠤᠨ ᠦᠷᠳᠡᠭ ᠬᠡᠳᠦ ᠥᠨᠳᠥᠷ ᠪᠥᠭᠡᠳ ᠪᠡᠯᠡ ᠣᠷᠣᠭᠤᠯᠤᠯᠲᠠ ᠶᠢ ᠪᠤᠴᠠᠭᠠᠨ ᠠᠪᠴᠢᠷᠠᠬᠤ ᠬᠤᠭᠤᠴᠠᠭ᠎ᠠ ᠤᠷᠲᠤ ᠤᠴᠢᠷ ᠠᠴᠠ᠂ ᠲᠣᠣᠷ ᠰᠦᠯᠵᠢᠶ᠎ᠡ ᠶᠡᠷᠦ ᠨᠡᠪᠲᠡᠷᠡᠭᠡ ᠦᠭᠡᠢ᠂ ᠮᠡᠳᠡᠭᠡ ᠵᠠᠩᠭᠢ ᠪᠦᠭᠯᠡᠭᠦᠦ᠂ ᠬᠤᠴᠤᠷᠤᠩᠭᠤᠢ ᠪᠠᠶᠢᠭ᠎ᠠ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠨᠢᠭᠡ ᠶᠡᠭᠡ ᠪᠣᠭᠤᠮᠢ ᠪᠣᠯᠤᠭᠰᠠᠨ ᠪᠠᠶᠢᠨ᠎ᠠ᠃ ᠡᠨᠡᠬᠦ ᠪᠡᠷᠬᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠤᠮᠤ ᠬᠢᠭᠡᠳ ᠬᠤᠰᠢᠭᠤ ᠶᠢᠨ ᠡᠯ᠎ᠡ ᠨᠢᠭᠡᠴᠡ ᠶᠢᠨ ᠠᠵᠢᠯ ᠤᠨ ᠲᠠᠯ᠎ᠠ ᠪᠠᠷ ᠬᠠᠷᠢᠯᠴᠠᠬᠤ ᠶᠢ ᠰᠠᠭᠠᠳ ᠦᠭᠡᠢ ᠨᠡᠪᠲᠡᠷᠡᠭᠦᠯᠵᠦ᠂ ᠬᠦᠮᠦᠨ ᠤ ᠰᠡᠳᠬᠢᠯ ᠢ ᠬᠠᠳᠠᠩᠰᠢᠭᠤᠯᠵᠤ ᠴᠢᠳᠠᠬᠤ ᠣᠷᠴᠢᠨ ᠨᠥᠬᠦᠴᠡᠯ ᠢ ᠪᠦᠷᠢᠯᠳᠦᠭᠦᠯᠬᠦ ᠶᠢᠨ ᠲᠦᠯᠦᠭᠡ᠂ ᠡᠵᠡᠨ᠎ᠡ ᠬᠤᠰᠢᠭᠤ ᠢᠳᠡᠪᠬᠢᠲᠡᠢ ᠪᠠᠷ ᠰᠢᠯᠵᠢᠮᠡᠯ ᠺᠣᠮᠫᠠᠨᠢ ᠲᠠᠢ ᠨᠡᠪᠲᠡᠷᠡᠯᠴᠡᠨ ᠵᠤᠬᠢᠴᠠᠭᠤᠯᠵᠤ᠂ ᠮᠠ ᠽᠦᠩ ᠱᠠᠨ ᠰᠤᠮᠤ ᠶᠢᠨ ᠰᠤᠬᠠᠶ ᠪᠤᠯᠠᠭ ᠭᠠᠴᠠᠭᠠᠨ ᠳᠤ ᠮᠠᠯᠵᠢᠬᠤ ᠣᠷᠣᠨ ᠤ ᠤᠲᠠᠰᠤ ᠦᠭᠡᠢ ᠥᠷᠭᠡᠨ ᠪᠦᠰᠡᠲᠦ ᠲᠤᠷᠰᠢᠯᠲᠠ ᠶᠢᠨ ᠠᠵᠢᠯ ᠢ ᠦᠷᠨᠢᠭᠦᠯᠪᠡ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠠᠯ᠎ᠠ ᠶᠢᠨ ᠰᠠᠨᠠᠯ ᠢ ᠬᠤᠷᠢᠶᠠᠵᠤ᠂ ᠤᠲᠠᠰᠤ ᠦᠭᠡᠢ ᠥᠷᠭᠡᠨ ᠪᠦᠰᠡᠲᠦ ᠶᠢᠨ ᠬᠠᠮᠤᠷᠬᠤ ᠬᠡᠪᠴᠢᠶ᠎ᠡ ᠨᠢ ᠥᠷᠭᠡᠨ᠂ ᠲᠣᠣᠷ ᠰᠦᠯᠵᠢᠶᠡᠨ ᠤ ᠪᠦᠲᠦᠴᠡ ᠶᠢᠨ ᠪᠠᠶᠢᠭᠤᠯᠤᠯᠲᠠ ᠠᠪᠰᠠᠷᠬᠠᠨ ᠳᠠᠪᠠᠭᠤᠯᠢᠭ ᠲᠤ ᠲᠦᠰᠢᠭᠯᠡᠵᠦ᠂ ᠣᠶᠢᠷ᠎ᠠ ᠶᠢᠨ ᠬᠤᠭᠤᠴᠠᠭᠠᠨ ᠳᠤ 8 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠠᠭᠤᠭ᠎ᠠ ᠭᠠᠵᠠᠷ ᠤᠨ ᠰᠢᠯᠵᠢᠮᠡᠯ WiFi ᠢᠨᠲ᠋ᠧᠷ ᠰᠦᠯᠵᠢᠶ᠎ᠡ ᠶᠢ ᠵᠢᠩᠬᠢᠨᠢ ᠪᠠᠷ ᠨᠡᠪᠲᠡᠷᠡᠭᠦᠯᠪᠡ᠃ ᠲᠤᠰ ᠭᠠᠴᠠᠭ᠎ᠠ ᠶᠢᠨ ᠢᠨᠲ᠋ᠧᠷ ᠰᠦᠯᠵᠢᠶ᠎ᠡ ᠶᠢ ᠤᠷᠤᠭᠰᠢᠲᠠᠶ ᠨᠡᠪᠲᠡᠷᠡᠭᠦᠯᠦᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠪᠠᠷᠠᠭᠤᠨ ᠵᠠᠬ᠎ᠠ ᠶᠢᠨ ᠭᠠᠴᠠᠭ᠎ᠠ ᠳᠤ ᠰᠦᠯᠵᠢᠶ᠎ᠡ ᠦᠭᠡᠢ ᠪᠠᠶᠢᠭᠰᠠᠨ ᠲᠡᠤᠬᠡ ᠶᠢ ᠲᠦᠢᠯᠪᠤᠷᠢᠲᠠᠶ ᠡᠴᠦᠰᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号