ᠥᠪᠥᠷ ᠮᠣᠩᠭᠤᠯ ᠤᠨ 2016 ᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠵᠥᠪᠳᠡᠯᠴᠡᠭᠡᠨ ᠤ ᠬᠤᠷᠠᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2016/5/17
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠷᠭᠡᠨ ᠣᠯᠠᠨ ᠰᠢᠯᠭᠠᠭᠤᠯᠤᠭᠰᠠᠳ ᠲᠤ ᠪᠦᠬᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ᠂ ᠪᠠᠭᠰᠢ ᠶᠢᠨ ᠡᠩᠨᠡᠭᠡ᠂ ᠲᠤᠰᠬᠠᠶ ᠮᠡᠷᠭᠡᠵᠢᠯ ᠤᠨ ᠳᠠᠪᠠᠭᠤᠯᠢᠭ ᠪᠠ ᠰᠤᠷᠭᠠᠭᠤᠯᠢ ᠡᠷᠬᠢᠯᠡᠬᠦ ᠣᠨᠴᠠᠯᠢᠭ ᠢ ᠨᠠᠷᠢᠨ ᠬᠢᠨᠠᠮᠠᠭᠠᠢ ᠪᠦᠭᠡᠳ ᠪᠦᠬᠦ ᠲᠠᠯ᠎ᠠ ᠪᠠᠷ ᠤᠶᠢᠯᠭᠠᠭᠤᠯᠬᠤ ᠶᠢᠨ ᠲᠤᠰᠠᠳᠠ᠂ ᠳᠡᠭᠡᠳᠦ ᠰᠤᠷᠭᠠᠭᠤᠯᠢ ᠬᠢᠭᠡᠳ ᠥᠷᠭᠡᠨ ᠣᠯᠠᠨ ᠰᠢᠯᠭᠠᠭᠤᠯᠤᠭᠰᠠᠳ ︵ᠭᠡᠷ ᠤᠨ ᠠᠬᠠᠮᠠᠳ︶ ᠬᠤᠭᠤᠷᠤᠨᠳᠦ ᠪᠠᠨ ᠬᠠᠷᠢᠯᠴᠠᠵᠤ᠂ ᠦᠢᠯᠡᠳᠦᠯᠴᠡᠬᠦ ᠲᠠᠪᠴᠠᠩ ᠢ ᠪᠠᠶᠢᠭᠤᠯᠵᠤ ᠥᠭᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠭᠡᠨ ᠤ ᠨᠡᠶᠢᠭᠡᠮᠯᠢᠭ ᠡᠨᠡ ᠵᠢᠯ ᠤᠨ 6 ᠳ᠋ᠤᠭᠠᠷ ᠰᠠᠷ᠎ᠠ ᠶᠢᠨ 23᠎ ᠤ ᠡᠳᠦᠷ ᠠᠴᠠ ᠡᠬᠢᠯᠡᠨ ︽2016 ᠣᠨ ᠤ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠵᠥᠪᠳᠡᠯᠴᠡᠭᠡᠨ ᠤ ᠬᠤᠷᠠᠯ︾᠎ ᠢ ᠡᠷᠬᠢᠯᠡᠨ᠎ᠡ᠃      ᠣᠷᠣᠨ ᠤ ᠳᠣᠲᠤᠷᠠᠬᠢ ᠰᠤᠷᠤᠭᠴᠢᠳ ᠲᠤ ᠳᠦᠭᠦᠮ ᠦᠵᠡᠭᠦᠯᠬᠦ ᠶᠢᠨ ᠲᠤᠰᠠᠳᠠ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠵᠥᠪᠳᠡᠯᠴᠡᠭᠡᠨ ᠤ ᠬᠤᠷᠠᠯ ᠢ ᠬᠥᠬᠡᠬᠤᠲᠠ᠂ ᠪᠤᠭᠤᠲᠤ᠂ ᠤᠯᠠᠭᠠᠨᠬᠠᠳᠠ ᠳᠤ ᠭᠤᠷᠪᠠᠨ ᠬᠤᠷᠠᠯ ᠤᠨ ᠲᠠᠯᠠᠪᠠᠢ ᠭᠠᠷᠭᠠᠪᠠ᠃ ᠡᠭᠦᠨ ᠳᠤ ᠬᠥᠬᠡᠬᠤᠲᠠ ᠶᠢᠨ ᠬᠢᠨ ᠪᠣᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ︵6 ᠳ᠋ᠤᠭᠠᠷ ᠰᠠᠷ᠎ᠠ ᠶᠢᠨ 23᠎ ᠤ ᠡᠳᠦᠷ︶᠎ ᠳᠤ᠂ ᠪᠤᠭᠤᠲᠤ ᠬᠤᠲᠠ ᠶᠢᠨ ᠬᠢᠨ ᠪᠣᠯ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠨᠢᠭᠡᠳᠦᠭᠡᠷ ᠳᠤᠮᠳᠠᠳᠤ ᠰᠤᠷᠭᠠᠭᠤᠯᠢ ︵6 ᠳ᠋ᠤᠭᠠᠷ ᠰᠠᠷ᠎ᠠ ᠶᠢᠨ 24᠎ ᠤ ᠡᠳᠦᠷ︶᠎ ᠳᠤ᠂ ᠤᠯᠠᠭᠠᠨᠬᠠᠳᠠ ᠬᠤᠲᠠ ᠶᠢᠨ ᠎ ᠬᠢᠨ ᠪᠣᠯ ᠤᠯᠠᠭᠠᠨᠬᠠᠳᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨ ᠲᠤᠭ ᠳᠤᠮᠳᠠᠳᠤ ᠰᠤᠷᠭᠠᠭᠤᠯᠢ ︵6 ᠳ᠋ᠤᠭᠠᠷ ᠰᠠᠷ᠎ᠠ ᠶᠢᠨ 26᠎ ᠤ ᠡᠳᠦᠷ︶᠎ ᠳᠤ ᠡᠷᠬᠢᠯᠡᠨ᠎ᠡ᠃ ᠵᠥᠪᠳᠡᠯᠴᠡᠭᠡᠨ ᠤ ᠬᠤᠷᠠᠯ ᠤᠨ ᠲᠠᠯᠠᠪᠠᠢ ᠶᠢ ᠨᠢ ᠲᠤᠰ ᠲᠤᠰ ᠵᠢᠩᠬᠢᠨᠢ ᠨᠢᠭᠡᠳᠦᠭᠡᠷ ᠳᠡᠰ ᠤᠨ ᠠᠩᠭᠢ᠂ ᠵᠢᠩᠬᠢᠨᠢ ᠬᠤᠶᠠᠳᠤᠭᠠᠷ ᠳᠡᠰ ᠤᠨ ᠠᠩᠭᠢ᠂ ᠵᠢᠩᠬᠢᠨᠢ ᠭᠤᠷᠪᠠᠳᠤᠭᠠᠷ ᠳᠡᠰ ᠤᠨ ᠠᠩᠭᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠵᠡᠷᠭᠡ ᠬᠡᠰᠡᠭ ᠬᠤᠪᠢᠶᠠᠵᠤ᠂ ᠮᠠᠨ ᠤ ᠣᠷᠣᠨ ᠤ ᠡᠯ᠎ᠡ ᠲᠥᠷᠥᠯ ᠤᠨ ᠰᠢᠯᠭᠠᠭᠤᠯᠤᠭᠰᠠᠳ ᠤᠨ ᠨᠡᠷ᠎ᠡ ᠮᠡᠳᠡᠭᠦᠯᠦᠨ ᠰᠢᠯᠭᠠᠬᠤ ᠬᠡᠷᠡᠭᠴᠡᠭᠡ ᠶᠢ ᠬᠠᠩᠭᠠᠪᠠ᠃ ᠡᠭᠦᠨ ᠤ ᠬᠠᠮᠲᠤ ᠠᠵᠢᠯᠯᠠᠭᠠᠨ ᠤ ᠠᠬᠤᠶ ᠲᠠᠯᠠᠪᠠᠶ ᠳᠤ ᠪᠠᠰᠠ ᠤᠯᠠᠨ ᠵᠦᠢᠯ ᠤᠨ ᠠᠭᠤᠯᠭ᠎ᠠ ᠨᠢ ᠡᠯᠪᠡᠭ ᠪᠠᠶᠠᠯᠢᠭ ᠦᠢᠯᠡᠳᠦᠯᠴᠡᠬᠦ ᠠᠵᠢᠯᠯᠠᠭ᠎ᠠ ᠡᠷᠬᠢᠯᠡᠨ᠎ᠡ᠂ ᠵᠢᠱᠢᠶᠡᠯᠡᠪᠡᠯ ᠲᠤᠬᠠᠶ ᠶᠢᠨ ᠭᠠᠵᠠᠷ ᠲᠤᠨᠢ ᠰᠤᠷᠭᠠᠭᠤᠯᠢ ᠳᠤ ᠨᠡᠷ᠎ᠡ ᠮᠡᠳᠡᠭᠦᠯᠬᠦ ᠡᠷᠡᠮᠡᠯᠵᠡᠯ ᠢᠶᠠᠨ ᠲᠠᠭᠯᠠᠬᠤ ᠵᠥᠪᠯᠡᠯᠭᠡ ᠥᠭᠬᠦ᠂ ᠲᠤᠰᠬᠠᠶ ᠮᠡᠷᠭᠡᠵᠢᠯᠲᠡᠨ ᠤ ᠲᠠᠶᠢᠯᠤᠮᠵᠢ ᠬᠢᠬᠦ᠂ ᠡᠯ᠎ᠡ ᠬᠢᠴᠢᠶᠡᠯ ᠲᠦᠷᠦᠯ ᠤᠨ ᠰᠢᠯᠢᠳᠡᠭ ᠲᠡᠭᠦᠰᠦᠭᠰᠡᠳ ᠤᠨ ᠲᠠᠶᠢᠯᠤᠮᠵᠢ ᠬᠢᠬᠦ ᠵᠡᠷᠭᠡ ᠪᠠᠶᠢᠵᠤ᠂ ᠥᠷᠭᠡᠨ ᠣᠯᠠᠨ ᠰᠢᠯᠭᠠᠭᠤᠯᠤᠭᠰᠠᠳ ᠪᠣᠯᠤᠨ ᠭᠡᠷ ᠤᠨ ᠠᠬᠠᠮᠠᠳ ᠲᠤ ᠲᠤᠰᠬᠠᠶ ᠮᠡᠷᠭᠡᠵᠢᠯ ᠤᠨ ᠣᠨᠴᠠᠯᠢᠭ᠂ ᠶᠡᠭᠡ ᠰᠤᠷᠭᠠᠭᠤᠯᠢ ᠶᠢᠨ ᠠᠮᠢᠳᠤᠷᠠᠯ᠂ ᠠᠵᠢᠯ ᠣᠯᠭᠤᠯᠲᠠ᠂ ᠠᠰᠫᠢᠷᠠᠨᠲ ᠰᠢᠯᠭᠠᠭᠤᠯᠬᠤ᠂ ᠭᠠᠳᠠᠭᠠᠳᠤ ᠳᠤ ᠭᠠᠷᠬᠤ ᠵᠡᠷᠭᠡ ᠥᠪᠡᠷᠮᠢᠴᠡ ᠮᠡᠳᠡᠭᠡ ᠵᠠᠩᠭᠢ ᠶᠢ ᠨᠠᠷᠢᠨ ᠬᠢᠨᠠᠮᠠᠭᠠᠢ ᠪᠦᠭᠡᠳ ᠪᠦᠬᠦ ᠲᠠᠯ᠎ᠠ ᠪᠠᠷ ᠬᠠᠩᠭᠠᠨ᠎ᠠ᠃      ᠣᠳᠣᠬᠠᠨ ᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠯᠠᠪᠯᠠᠬᠤ ᠠᠵᠢᠯᠯᠠᠭ᠎ᠠ ᠶᠢᠨ ᠨᠡᠷ᠎ᠡ ᠮᠡᠳᠡᠭᠦᠯᠬᠦ ᠬᠠᠯᠠᠮ ᠤᠲᠠᠰᠤ ︵0471 — 2856054︶᠎ ᠶᠢ ᠨᠢᠭᠡᠨᠲᠡ ᠵᠢᠩᠬᠢᠨᠢ ᠪᠠᠷ ᠨᠡᠪᠲᠡᠷᠡᠭᠦᠯᠦᠨ᠂ ᠮᠠᠨ ᠤ ᠣᠷᠣᠨ ᠳᠤ ᠰᠤᠷᠤᠭᠴᠢ ᠡᠯᠰᠡᠬᠦ ᠣᠷᠣᠨ ᠤ ᠳᠣᠲᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠬᠤᠷᠠᠯ ᠳᠤ ᠣᠷᠣᠯᠴᠠᠬᠤ ᠨᠡᠷ᠎ᠡ ᠮᠡᠳᠡᠭᠦᠯᠦᠯᠲᠡ ᠶᠢ ᠬᠦᠯᠢᠶᠡᠨ ᠠᠪᠤᠨ᠎ᠠ᠂ ᠠᠵᠢᠯᠯᠠᠭᠠᠨ ᠤ ᠨᠠᠷᠢᠨ ᠪᠠᠶᠢᠳᠠᠯ ᠢ ᠵᠣᠬᠢᠶᠠᠨ ᠪᠠᠶᠢᠭᠤᠯᠬᠤ ᠺᠣᠮᠢᠰ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠠᠩᠬᠠᠷᠤᠯ ᠢᠶᠠᠨ ᠬᠠᠨᠳᠤᠭᠤᠯᠤᠮᠤ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号