ᠰᠤᠷᠭᠠᠨ ᠬᠥᠮᠦᠵᠢᠯ ᠤᠨ ᠶᠠᠮᠤᠨ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2016/5/18
     5 ᠳ᠋ᠤᠭᠠᠷ ᠰᠠᠷ᠎ᠠ ᠶᠢᠨ 17᠎ ᠤ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ ᠮᠠᠨ ᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠰᠢᠪᠠᠳᠠᠨ ᠪᠠᠶᠢᠴᠠᠭᠠᠬᠤ ᠶᠢᠨ ᠬᠠᠮᠲᠤ ᠪᠤᠭᠤᠲᠤ ᠬᠤᠳ᠋ᠨ ᠳᠤ ᠶᠠᠷᠢᠯᠴᠠᠬᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ ᠬᠤᠷᠠᠯ ᠳᠤ ᠣᠷᠣᠯᠴᠠᠵᠤ ᠰᠠᠨᠠᠭᠤᠯᠭ᠎ᠠ ᠳᠤᠷᠠᠳᠴᠠᠢ᠃      ᠬᠤᠷᠠᠯ ᠳᠡᠭᠡᠷ᠎ᠡ᠂ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠲᠣᠭᠲᠠᠴᠠ ᠶᠢᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠦᠭᠡᠮᠡᠯᠵᠢᠭᠦᠯᠦᠯᠲᠡ᠂ ᠤᠷᠤᠯᠳᠤᠭᠠᠨ᠂ ᠲᠤᠰᠬᠠᠶ ᠮᠡᠷᠭᠡᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯᠣᠨ ᠨᠥᠬᠦᠴᠡᠯ ᠤᠨ ᠪᠠᠲᠤᠯᠠᠭ᠎ᠠ ᠵᠡᠷᠭᠡ ᠲᠠᠪᠤᠨ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠳ᠋ᠧᠦ ᠬᠦᠶ ᠵᠢᠶᠦ᠋ᠨ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠬᠠᠷᠢᠭᠤ ᠮᠡᠳᠡᠭᠦᠯᠵᠦ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠥᠯ ᠪᠥᠮᠪᠥᠭᠡᠨ ᠤ ᠪᠠᠭᠰᠢ᠂ ᠰᠤᠷᠭᠠᠭᠴᠢ ᠨᠠᠷ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠤᠨ ᠳᠠᠷᠠᠭ᠎ᠠ᠂ ᠰᠢᠪᠠᠳᠠᠨ ᠪᠠᠶᠢᠴᠠᠭᠠᠬᠤ ᠳᠤᠭᠤᠶᠢᠯᠠᠩ ᠪᠠᠰᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠬᠠᠶ ᠶᠢᠨ ᠭᠠᠵᠠᠷ ᠢᠶᠠᠷ ᠰᠤᠷᠪᠤᠯᠵᠢᠯᠠᠵᠤ᠂ ᠰᠤᠷᠭᠠᠭᠤᠯᠢ ᠶᠢᠨ ᠵᠠᠬᠢᠷᠤᠯ᠂ ᠬᠥᠯ ᠪᠥᠮᠪᠥᠭᠡᠨ ᠤ ᠪᠠᠭᠰᠢ ᠪᠣᠯᠤᠨ ᠰᠤᠷᠭᠠᠭᠴᠢ ᠨᠠᠷ ᠤᠨ ᠶᠠᠷᠢᠯᠴᠠᠬᠤ ᠬᠤᠷᠠᠯ ᠬᠢᠵᠦ᠂ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠪᠠ᠃      ᠬᠤᠶᠢᠰᠢᠳᠠ᠂ ᠪᠡᠶ᠎ᠡ ᠶᠢᠨ ᠲᠠᠮᠢᠷ ᠤᠨ ᠲᠣᠪᠴᠢᠶ᠎ᠠ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠠᠵᠢᠯ ᠳᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠢ ᠥᠷᠭᠡᠳᠬᠡᠬᠦ ᠵᠡᠷᠭᠡ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠢᠭᠤᠯᠤᠯᠲᠠ᠂ ᠰᠤᠷᠤᠭᠴᠢᠳ ᠤᠨ ᠬᠥᠯ ᠪᠥᠮᠪᠦᠭᠡ ᠶᠢᠨ ᠳᠤᠷ᠎ᠠ ᠪᠠᠬ᠎ᠠ ᠶᠢ ᠬᠥᠮᠦᠵᠢᠭᠦᠯᠬᠦ᠂ ᠪᠡᠶ᠎ᠡ ᠶᠢᠨ ᠲᠠᠮᠢᠷ ᠤᠨ ᠬᠥᠮᠥᠨ ᠠᠮᠠ ᠶᠢ ᠥᠷᠭᠡᠳᠬᠡᠬᠦ ᠶᠢ ᠦᠷᠭᠦᠯᠵᠢᠯᠡᠨ ᠬᠥᠭᠵᠢᠭᠦᠯᠦᠨ᠎ᠡ︔ ᠨᠠᠷᠠᠨ ᠭᠡᠷᠡᠯᠲᠦ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠵᠠᠭᠤᠨ ᠲᠦᠮᠡᠨ ᠵᠠᠯᠠᠭᠤᠴᠤᠳ ᠪᠠᠭᠠᠴᠤᠳ ᠤᠨ ᠮᠥᠰᠥ ᠴᠠᠰᠤ ᠶᠢᠨ ᠬᠥᠳᠡᠯᠭᠡᠭᠡᠨ ᠵᠡᠷᠭᠡ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠂ ᠡᠯᠪᠡᠭ ᠪᠠᠶᠠᠯᠢᠭ ᠠᠭᠤᠯᠭ᠎ᠠ ᠲᠠᠢ ᠬᠥᠯ ᠪᠥᠮᠪᠦᠭᠡ ᠶᠢᠨ ᠬᠥᠳᠡᠯᠭᠡᠭᠡᠨ ᠢ ᠢᠳᠡᠪᠬᠢᠲᠡᠢ ᠥᠷᠨᠢᠭᠦᠯᠵᠦ᠂ ᠭᠠᠵᠠᠷ ᠣᠷᠣᠨ ᠤ ᠳᠠᠪᠠᠭᠤᠯᠢᠭ ᠲᠠᠯ᠎ᠠ ᠪᠠᠨ ᠠᠰᠢᠭᠯᠠᠨ ᠠᠬ᠎ᠠ ᠳᠡᠭᠦᠦ ᠮᠣᠵᠢ ᠬᠤᠳᠠ᠂ ᠣᠷᠣᠰ᠂ ᠮᠣᠩᠭᠤᠯ ᠵᠡᠷᠭᠡ ᠤᠯᠤᠰ ᠢ ᠢᠳᠡᠪᠬᠢᠲᠡᠶ ᠤᠷᠢᠵᠤ ᠬᠥᠳᠡᠯᠭᠡᠭᠡᠨ ᠳᠤ ᠣᠷᠣᠯᠴᠠᠭᠤᠯᠤᠨ᠂ ᠬᠠᠷᠢᠯᠴᠠᠨ ᠰᠤᠷᠤᠯᠴᠠᠨ ᠰᠣᠯᠢᠯᠴᠠᠬᠤ᠂ ᠨᠥᠯᠥᠭᠡᠯᠡᠬᠦ ᠬᠡᠪᠴᠢᠶ᠎ᠡ ᠪᠣᠯᠣᠨ ᠬᠥᠯ ᠪᠥᠮᠪᠥᠭᠡᠨ ᠤ ᠬᠥᠮᠦᠨ ᠠᠮᠠ ᠶᠢᠨ ᠰᠠᠭᠤᠷᠢ ᠲᠤᠭ᠎ᠠ ᠶᠢ ᠥᠷᠭᠡᠳᠬᠡᠵᠦ᠂ ᠬᠠᠮᠲᠤ ᠪᠠᠷ ᠳᠡᠭᠡᠭᠰᠢᠯᠡᠭᠦᠯᠦᠨ᠎ᠡ︔ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ᠂ ᠨᠠᠰᠤ ᠵᠢᠯ ᠢ ᠵᠦᠢ ᠵᠣᠬᠢᠰᠲᠠᠶ ᠪᠠᠶᠢᠷᠢᠯᠠᠭᠤᠯᠬᠤ᠂ ᠵᠠᠯᠠᠭᠤᠴᠤᠳ ᠪᠠᠭᠠᠴᠤᠳ ᠤᠨ ᠬᠥᠯ ᠪᠥᠮᠪᠥᠭᠡᠨ ᠤ ᠴᠢᠳᠠᠪᠤᠷᠢᠲᠠᠳ ᠤᠨ ᠡᠩᠨᠡᠭᠡᠨ ᠤ ᠵᠢᠭᠰᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠦᠷᠢᠨᠰᠢᠭᠦᠯᠦᠨ᠎ᠡ︔ ᠬᠥᠯ ᠪᠥᠮᠪᠥᠭᠡᠨ ᠤ ᠵᠠᠯᠠᠭᠤᠴᠤᠳ ᠪᠠᠭᠠᠴᠤᠳ ᠤᠨ ᠰᠣᠳᠣᠨ ᠪᠣᠯᠪᠠᠰᠤᠷᠠᠭᠤᠯᠤᠯᠲᠠ ᠶᠢ ᠵᠣᠬᠢᠶᠠᠨ ᠪᠠᠶᠢᠭᠤᠯᠵᠤ ᠂ ᠬᠥᠯ ᠪᠥᠮᠪᠥᠭᠡᠨ ᠤ ᠴᠢᠳᠠᠪᠤᠷᠢᠲᠠᠨ ᠢ ᠢᠯᠡᠷᠡᠭᠦᠯᠦᠨ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠬᠥᠯ ᠪᠥᠮᠪᠥᠭᠡᠨ ᠤ ᠬᠥᠭᠵᠢᠯᠲᠡ ᠳᠤ ᠰᠠᠶᠢᠲᠤᠷ ᠰᠠᠭᠤᠷᠢ ᠲᠠᠯᠪᠢᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号