ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠮᠠᠨᠵᠤᠤᠷ ᠤᠨ ᠤᠮᠠᠷᠠᠲᠤ ᠣᠷᠣᠨ ᠤ ᠣᠯᠠᠨ | ᠤᠯᠤᠰ ᠤᠨ ᠰᠢᠨᠵᠢᠯᠡᠭᠡ ᠮᠡᠷᠭᠡᠵᠢᠯ ᠤᠨ ᠦᠵᠡᠭᠦᠯᠦᠯᠭᠡ ᠶᠢᠨ ᠴᠤᠭᠯᠠᠭᠠᠨ 2016 ᠣᠨ ᠤ 7 ᠳ᠋ᠤᠭᠠᠷ ᠰᠠᠷ᠎ᠠ ᠶᠢᠨ | 3 — 5 ᠡᠳᠦᠷ ᠮᠠᠨᠵᠤᠤᠷ ᠤᠨ ᠣᠯᠠᠨ ᠤᠯᠤᠰ ᠤᠨ ᠬᠤᠷᠠᠯ ᠴᠤᠭᠯᠠᠭᠠᠨ ᠤ ᠲᠥᠪ ᠲᠤ ᠶᠠᠪᠤᠭᠳᠠᠨ᠎ᠠ᠃ ᠲᠤᠰ | ᠤᠳᠠᠭᠠᠨ ᠤ ᠦᠵᠡᠭᠦᠯᠦᠯᠭᠡ ᠨᠢ ︽ᠪᠣᠳᠠᠲᠠᠢ ᠶᠢ ᠡᠷᠬᠢᠮᠯᠡᠬᠦ᠂ ᠬᠠᠮᠲᠤᠷᠠᠨ ᠠᠵᠢᠯᠯᠠᠬᠤ᠂ ᠰᠢᠨ᠎ᠡ ᠶᠢ ᠡᠭᠦᠳᠦᠬᠦ᠂ | ᠬᠥᠭᠵᠢᠭᠦᠯᠬᠦ︾ ᠶᠢ ᠨᠢᠭᠡ ᠪᠦᠰᠡ ᠨᠢᠭᠡ ᠵᠠᠮ ᠳᠤ ᠠᠭᠤᠰᠤᠯᠴᠠᠭᠤᠯᠵᠤ᠂ ᠨᠡᠭᠡᠭᠡᠨ ᠬᠥᠭᠵᠢᠭᠦᠯᠬᠦ ᠶᠢ ᠠᠬᠢᠭᠤᠯᠬᠤ ᠪᠠᠷ | ᠭᠤᠣᠯ ᠰᠡᠳᠦᠪ ᠪᠣᠯᠭᠠᠵᠤ᠂ ᠰᠢᠨᠵᠢᠯᠡᠭᠡ ᠮᠡᠷᠭᠡᠵᠢᠯ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠷ ᠭᠤᠣᠯ | ᠰᠢᠵᠢᠮ ᠪᠣᠯᠭᠠᠵᠤ᠂ ᠳᠤᠮᠳᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠶᠡᠭᠡ ᠳᠡᠭᠡᠳᠦ ᠰᠤᠷᠭᠠᠭᠤᠯᠢ᠂ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠳᠡᠭᠡᠳᠦ ᠳᠡᠰ ᠤᠨ | ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠶᠢ ᠳᠣᠪᠣᠶᠢᠯᠭᠠᠵᠤ᠂ ᠰᠢᠨᠵᠢᠯᠡᠬᠦ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠠᠬᠢᠴᠠ ᠶᠢ ᠲᠦᠷᠭᠡᠳᠬᠡᠵᠦ᠂ | ᠧᠦ᠋ᠷᠣᠫᠠ ᠠᠽᠢᠶ᠎ᠠ ᠶᠢᠨ ᠲᠣᠷᠭᠠᠨ ᠵᠠᠮ ᠤᠨ ᠦᠵᠡᠭᠦᠯᠦᠯᠭᠡ ᠶᠢᠨ ᠲᠠᠪᠴᠠᠩ ᠢ ᠪᠦᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠦᠵᠡᠭᠦᠯᠦᠯᠭᠡ ᠶᠢᠨ ᠴᠤᠭᠯᠠᠭᠠᠨ ᠤ ᠬᠤᠭᠤᠴᠠᠭᠠᠨ ᠳᠤ᠂ ᠪᠠᠰᠠ | ᠳᠤᠮᠳᠠᠳᠤ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠶᠡᠭᠡ ᠰᠤᠷᠭᠠᠭᠤᠯᠢ ᠶᠢᠨ ᠵᠠᠬᠢᠷᠤᠯ ᠤᠨ | ᠶᠠᠷᠢᠶᠠᠨ ᠤ ᠲᠠᠪᠴᠠᠩ ᠢ ᠡᠷᠬᠢᠯᠡᠵᠦ᠂ ᠲᠤᠯᠤᠭᠠᠨ ᠮᠤᠵᠢ ᠣᠷᠣᠨ ᠤ ᠪᠦᠸᠧᠬᠠᠶ ᠲᠠᠩᠭᠢᠰ ᠳᠠᠭᠠᠤ ᠲᠧᠭᠨᠢᠭ | ᠮᠡᠷᠭᠡᠵᠢᠯ ᠢ ᠰᠢᠯᠵᠢᠭᠦᠯᠬᠦ ᠬᠤᠯᠪᠣᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠣᠨ ᠤ ᠬᠤᠷᠠᠯ ᠂ ᠭᠤᠸᠠᠩᠳᠦ᠋ᠩ | ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠬᠠᠮᠲᠤᠷᠠᠯᠴᠠᠭᠠᠨ ᠤ ᠣᠨ ᠤ ᠬᠤᠷᠠᠯ᠂ ᠮᠣᠳᠣᠨ ᠮᠠᠲ᠋ᠧᠷᠢᠶᠠᠯ ᠤᠨ | ᠠᠵᠤ ᠦᠢᠯᠡᠰ ᠤᠨ ᠵᠥᠪᠯᠡᠨ ᠶᠠᠷᠢᠯᠴᠠᠬᠤ ᠬᠤᠷᠠᠯ ᠵᠡᠷᠭᠡ ᠲᠤᠰᠬᠠᠶ ᠬᠦᠳᠡᠯᠭᠡᠭᠡᠨ ᠢ ᠡᠷᠬᠢᠯᠡᠨ᠎ᠡ᠃ | ᠳᠤᠮᠳᠠᠳᠤ ᠤᠯᠤᠰ᠂ ᠮᠠᠨᠵᠤᠤᠷ ᠤᠨ ᠤᠮᠠᠷᠠᠲᠤ ᠣᠷᠣᠨ ᠤ ᠣᠯᠠᠨ ᠤᠯᠤᠰ ᠤᠨ ᠰᠢᠨᠵᠢᠯᠡᠭᠡ ᠮᠡᠷᠭᠡᠵᠢᠯ ᠤᠨ | ᠦᠵᠡᠭᠦᠯᠦᠯᠭᠡ ᠶᠢᠨ ᠴᠤᠭᠯᠠᠭᠠᠨ ᠢ ᠡᠷᠬᠢᠯᠡᠬᠦ ᠨᠢ ᠪᠣᠯ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ | ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠤ ᠪᠥᠳᠥᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ︽ | 8337︾ ᠬᠥᠭᠵᠢᠯᠲᠡ ᠶᠢᠨ ᠰᠡᠳᠬᠢᠴᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ | ᠮᠥᠨ᠂ ᠣᠷᠣᠰ᠂ ᠮᠣᠩᠭᠤᠯ ᠵᠡᠷᠭᠡ ᠧᠦ᠋ᠷᠣᠫᠠ ᠠᠽᠢᠶ᠎ᠠ ᠶᠢᠨ ᠤᠯᠤᠰ ᠤᠳ ᠤᠨ ᠰᠢᠨᠵᠢᠯᠡᠭᠡ ᠮᠡᠷᠭᠡᠵᠢᠯ᠂ ᠠᠵᠤ | ᠠᠬᠤᠶ ᠠᠷᠠᠯᠵᠢᠶ᠎ᠠ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ | ᠳᠤᠮᠳᠠᠳᠤ ᠭᠠᠳᠠᠭᠠᠳᠤ ᠶᠢᠨ ᠲᠧᠭᠨᠢᠭ ᠮᠡᠷᠭᠡᠵᠢᠯ ᠢ ᠰᠢᠯᠵᠢᠭᠦᠯᠬᠦ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠠᠬᠢᠭᠤᠯᠬᠤ᠂ ᠳᠤᠮᠳᠠᠳᠤ ᠤᠯᠤᠰ ᠤᠨ ᠠᠵᠤ ᠠᠬᠤᠶᠢᠯᠠᠯ ᠳᠤ ᠳᠡᠯᠡᠬᠡᠶ ᠶᠢᠨ ᠵᠠᠬ᠎ᠠ ᠳᠡᠯᠭᠡᠭᠦᠷ ᠢ | ᠨᠡᠭᠡᠭᠡᠬᠦ᠂ ᠣᠷᠣᠰ᠂ ᠮᠣᠩᠭᠤᠯ ᠵᠡᠷᠭᠡ ᠤᠯᠤᠰ ᠪᠠ ᠭᠠᠵᠠᠷ ᠣᠷᠣᠨ ᠤ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠨ ᠦᠵᠡᠭᠦᠯᠵᠦ᠂ ᠬᠠᠮᠲᠤᠷᠠᠨ ᠠᠵᠢᠯᠯᠠᠬᠤ ᠬᠤᠳᠠᠯᠳᠤᠭᠠᠨ ᠤ ᠲᠣᠬᠢᠶᠠᠯ ᠡᠷᠢᠬᠦ ᠳᠤ ᠴᠢᠬᠤᠯᠠ ᠠᠵᠠ ᠲᠣᠬᠢᠶᠠᠯ | ᠬᠠᠩᠭᠠᠬᠤ ᠪᠣᠯᠣᠨ᠎ᠠ᠃ |