ᠣᠷᠳᠣᠰ ᠬᠤᠲᠠ ᠶᠢᠨ ᠠᠮᠢᠳᠤᠷᠠᠯ ᠤᠨ ᠪᠤᠵᠠᠷ ᠰᠢᠪᠠᠷ ᠢ ᠰᠶᠢᠳᠪᠦᠷᠢᠯᠡᠬᠦ ᠠᠩᠬᠠᠳᠠᠭᠴᠢ ᠦᠢᠯᠡᠳᠪᠦᠷᠢ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2016/5/18
      ᠣᠶᠢᠷ᠎ᠠ ᠳᠤ᠂ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠪᠤᠵᠠᠷ ᠰᠢᠪᠠᠷ ᠢ ᠰᠶᠢᠳᠪᠦᠷᠢᠯᠡᠬᠦ ᠦᠢᠯᠡᠳᠪᠦᠷᠢ ᠵᠢᠩᠬᠢᠨᠢ ᠪᠠᠷ ᠠᠰᠢᠭᠯᠠᠯᠲᠠ ᠳᠤ ᠣᠷᠣᠵᠠᠢ᠂ ᠡᠨᠡ ᠪᠣᠯ ᠣᠷᠳᠣᠰ ᠬᠤᠲᠠ ᠶᠢᠨ ᠠᠮᠢᠳᠤᠷᠠᠯ ᠤᠨ ᠪᠤᠵᠠᠷ ᠰᠢᠪᠠᠷ ᠢ ᠰᠶᠢᠳᠪᠦᠷᠢᠯᠡᠬᠦ ᠠᠩᠬᠠᠳᠠᠭᠴᠢ ᠦᠢᠯᠡᠳᠪᠦᠷᠢ ᠪᠣᠯᠣᠨ᠎ᠠ᠃ ᠲᠤᠰ ᠦᠢᠯᠡᠳᠪᠦᠷᠢ ᠨᠢ ᠳ᠋ᠦᠩᠱᠧᠩ ᠲᠣᠭᠤᠷᠢᠭ ᠤᠨ ᠬᠤᠶᠢᠲᠤ ᠳᠡᠭᠦᠷᠭᠡ ᠶᠢᠨ ᠤᠰᠤᠨ ᠴᠢᠨᠠᠷ ᠢ ᠴᠡᠪᠡᠷᠰᠢᠭᠦᠯᠬᠦ ᠦᠢᠯᠡᠳᠪᠦᠷᠢ ᠳᠣᠲᠣᠷ᠎ᠠ ᠪᠠᠶᠢᠷᠢᠯᠠᠵᠤ᠂ ᠪᠠᠷᠤᠭ 700 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠲᠥᠰᠥᠪᠯᠡᠭᠰᠡᠨ ᠪᠤᠵᠠᠷ ᠰᠢᠪᠠᠷ ᠰᠶᠢᠳᠪᠦᠷᠢᠯᠡᠬᠦ ᠬᠡᠮᠵᠢᠶ᠎ᠡ ᠨᠢ 100 ᠲᠦᠮᠡᠨ ᠲᠣᠨ / ᠡᠳᠦᠷ ᠪᠣᠯᠣᠨ᠎ᠠ᠃ ᠥᠪᠥᠷ ᠮᠣᠩᠭᠤᠯ ᠤᠨ ᠳ᠋ᠦᠩ ᠶᠤᠸᠠᠨ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠳᠦᠭᠡᠨ ᠪᠠᠶᠢᠭᠤᠯᠪᠠ᠃ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠪᠤᠵᠠᠷ ᠰᠢᠪᠠᠷ ᠢ ᠰᠢᠢᠳᠪᠦᠷᠢᠯᠡᠬᠦ 1 ᠲᠠᠰᠤᠭ ᠵᠢᠴᠢ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠪᠡᠯᠡᠳᠬᠡᠮᠵᠢ ᠪᠠᠭᠲᠠᠨ᠎ᠠ᠃ ᠲᠤᠰ ᠲᠥᠷᠥᠯ ᠵᠦᠢᠯ ᠨᠢ ᠳ᠋ᠦᠩᠱᠧᠩ ᠲᠣᠭᠤᠷᠢᠭ ᠤᠨ ᠬᠤᠶᠢᠲᠤ ᠳᠡᠭᠦᠷᠭᠡ ᠶᠢᠨ ᠤᠰᠤᠨ ᠴᠢᠨᠠᠷ ᠢ ᠴᠡᠪᠡᠷᠰᠢᠭᠦᠯᠬᠦ ᠦᠢᠯᠡᠳᠪᠦᠷᠢ ᠠᠴᠠ ᠭᠠᠷᠤᠭᠰᠠᠨ ᠪᠤᠵᠠᠷ ᠰᠢᠪᠠᠷ ᠢᠶᠠᠷ ᠲᠦᠭᠦᠬᠡᠶ ᠡᠳ᠋ ᠪᠣᠯᠭᠠᠵᠤ᠂ ᠤᠰᠤ ᠦᠭᠡᠶᠢᠳᠡᠭᠦᠯᠦᠨ ᠰᠢᠢᠳᠪᠦᠷᠢᠯᠡᠭᠰᠡᠨ ᠤ ᠳᠠᠷᠠᠭ᠎ᠠ ᠣᠷᠭᠠᠨᠢᠭ ᠪᠣᠷᠳᠣᠭᠤᠷ ᠪᠣᠯᠭᠠᠨ᠎ᠠ᠂ ᠬᠠᠷᠢᠨ ᠣᠪᠣᠭᠠᠯᠠᠭᠰᠠᠨ ᠪᠤᠷᠳᠤᠭᠤᠷ ᠪᠣᠯᠭᠠᠨ ᠰᠶᠢᠳᠪᠦᠷᠢᠯᠡᠬᠦ ᠪᠢᠰᠢ᠃ ᠬᠡᠷᠡᠭᠯᠡᠭᠰᠡᠨ ᠤᠷ᠎ᠠ ᠮᠡᠷᠭᠡᠰᠢᠯ ᠪᠣᠯ ᠣᠳᠣᠬᠠᠨ ᠤ ᠪᠤᠵᠠᠷ ᠰᠢᠪᠠᠷ ᠢ ᠲᠣᠬᠢᠷᠠᠭᠤᠯᠤᠨ ᠥᠭᠡᠷᠡᠲᠡᠭᠦᠯᠬᠦ + ᠲᠠᠰᠤᠯᠤᠪᠴᠢ ᠮᠠᠶ᠋ᠢᠭ ᠤᠨ ᠬᠠᠴᠠᠪᠴᠢ ᠪᠠᠷ ᠰᠢᠬᠠᠵᠤ ᠱᠦᠭᠦᠨ ᠤᠰᠤ ᠶᠢ ᠦᠭᠡᠶᠢᠳᠡᠭᠦᠯᠬᠦ ᠨᠡᠯᠢᠶᠡᠳ ᠲᠡᠷᠢᠭᠦᠨ ᠤ ᠮᠡᠷᠭᠡᠵᠢᠯ ᠪᠣᠯᠣᠨ᠎ᠠ᠃ ᠰᠶᠢᠳᠪᠦᠷᠢᠯᠡᠬᠦ ᠰᠢᠰᠲ᠋ᠧᠮ ᠢᠶᠠᠷ ᠰᠢᠢᠳᠪᠦᠷᠢᠯᠡᠭᠰᠡᠨ ᠤ ᠳᠠᠷᠠᠭᠠᠬᠢ ᠪᠤᠵᠠᠷ ᠰᠢᠪᠠᠷ ᠤᠨ ᠤᠰᠤᠨ ᠤ ᠠᠭᠤᠯᠤᠭᠳᠠᠴᠠ ᠨᠢ 55% ᠬᠦᠷᠲᠡᠯ᠎ᠡ ᠪᠠᠭᠠᠰᠴᠤ᠂ ᠪᠤᠵᠠᠷ ᠰᠢᠪᠠᠷ ᠤᠨ ᠬᠤᠣᠷ ᠦᠭᠡᠶᠢᠵᠢᠭᠦᠯᠦᠨ ᠰᠶᠢᠳᠪᠦᠷᠢᠯᠡᠬᠦ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号