5 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠲᠠᠢ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠤᠨ ᠲᠦᠷᠦᠯ ᠵᠦᠢᠯ ᠲᠦᠩᠯᠢᠶᠣᠤ ᠬᠤᠲᠠ ᠳᠤ ᠰᠠᠭᠠᠲᠠᠪᠠ
ᠨᠡᠶᠢᠲᠡᠯᠡᠭᠰᠡᠨ ᠴᠠᠭ᠄
2016/5/19
      ᠣᠶᠢᠷ᠎ᠠ ᠳᠤ᠂ 5 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠲᠠᠢ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠤᠨ ᠲᠦᠷᠦᠯ ᠵᠦᠢᠯ ᠲᠦᠩᠯᠢᠶᠣᠤ ᠬᠤᠲᠠ ᠳᠤ ᠰᠠᠭᠠᠲᠠᠵᠤ᠂ ᠲᠦᠷᠥᠯ ᠵᠦᠢᠯ ᠎ ᠳᠤ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠬᠢᠭᠡᠳ ᠱᠢ ᠶᠤᠸᠠᠨ ᠡᠯᠡᠰᠦᠷᠬᠡᠭ ᠭᠠᠵᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤ ᠪᠠᠷ ᠭᠡᠷ᠎ᠡ ᠲᠣᠭᠲᠠᠵᠤ᠂ ᠲᠦᠩᠯᠢᠶᠣᠤ ᠬᠤᠲᠠ ᠶᠢᠨ ᠮᠣᠷᠢᠨ ᠰᠦᠮ᠎ᠡ ᠡᠯᠡᠰᠦᠷᠬᠡᠭ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠲᠦᠷᠦᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ ᠬᠡᠷᠡᠭᠵᠢᠭᠦᠯᠦᠨ᠎ᠡ᠄ ᠨᠢᠭᠡᠳᠦᠭᠡᠷ ᠬᠤᠭᠤᠴᠠᠭ᠎ᠠ ᠶᠢ ᠨᠢ ᠡᠨᠡ ᠵᠢᠯ ᠡᠬᠢᠯᠡᠭᠦᠯᠬᠦ ᠪᠠᠷ ᠲᠥᠯᠥᠪᠯᠡᠵᠦ ᠪᠤᠶ᠂ 3 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ ᠬᠤᠶᠠᠷ ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠢ ᠪᠦᠲᠦᠭᠡᠨ ᠪᠠᠶᠢᠭᠤᠯᠬᠤ ᠪᠠᠷ ᠲᠦᠯᠦᠪᠯᠡᠵᠦ ᠪᠣᠢ︔ ᠬᠤᠶᠠᠳᠤᠭᠠᠷ ᠬᠤᠭᠤᠴᠠᠭ᠎ᠠ ᠶᠢ ᠨᠢ 2017 ᠣᠨ ᠳᠤ ᠡᠬᠢᠯᠡᠭᠦᠯᠬᠦ ᠪᠠᠷ ᠲᠥᠯᠥᠪᠯᠡᠵᠦ᠂ 1 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ ᠡᠯᠡᠰᠦᠷᠬᠡᠭ ᠭᠠᠵᠠᠷ ᠤᠨ ᠦᠵᠦᠮ ᠤᠨ ᠠᠷᠢᠬᠢ ᠶᠢᠨ ᠲᠤᠰᠬᠤᠨ᠂ ᠡᠳ᠋ᠰᠢᠭᠦᠯᠬᠦ ᠦᠢᠯᠡᠳᠪᠦᠷᠢ ᠵᠡᠷᠭᠡ ᠶᠢ ᠪᠦᠲᠦᠭᠡᠨ ᠪᠠᠶᠢᠭᠤᠯᠵᠦ᠂ ᠲᠡᠷᠡᠴᠢᠯᠡᠨ ᠡᠯᠧᠺᠲᠷᠣᠨ ᠬᠤᠳᠠᠯᠳᠤᠭᠠᠨ ᠤ ᠲᠠᠪᠴᠠᠩ ᠢ ᠪᠠᠶᠢᠭᠤᠯᠤᠨ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠪᠦᠰᠡ ᠶᠢᠨ ᠶᠡᠷᠦᠩᠬᠡᠶ ᠬᠡᠪᠴᠢᠶ᠎ᠡ ᠶᠢ ᠮᠢᠩᠭᠠᠨ ᠮᠦ ᠠᠴᠠ ᠳᠡᠭᠡᠭᠰᠢ ᠳᠤ ᠬᠦᠷᠦᠭᠦᠯᠬᠦ ᠪᠠᠷ ᠲᠦᠯᠦᠪᠯᠡᠵᠦ ᠪᠣᠢ︔ ᠭᠤᠷᠪᠠᠳᠤᠭᠠᠷ ᠬᠤᠭᠤᠴᠠᠭ᠎ᠠ ᠶᠢ ᠨᠢ 2018 ᠣᠨ ᠳᠤ ᠡᠬᠢᠯᠡᠭᠦᠯᠬᠦ ᠪᠠᠷ ᠲᠥᠯᠥᠪᠯᠡᠵᠦ᠂ 1 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠬᠡᠪᠴᠢᠶ᠎ᠡ ᠶᠢ ᠥᠷᠭᠡᠳᠬᠡᠬᠦ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号