ᠡᠷᠢᠶᠡᠨ ᠬᠤᠳᠠ ᠮᠢᠩᠭ᠎ᠠ ᠲᠦᠮᠡᠨ ᠲᠦᠬᠦᠷᠢᠭ ᠤᠨ ᠪᠡᠯᠡ ᠤᠷᠤᠭᠤᠯᠤᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠪᠡ
ᠨᠡᠶᠢᠲᠡᠯᠡᠭᠰᠡᠨ ᠴᠠᠭ᠄
2016/5/19
     ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠨ ᠰᠡᠷᠭᠦᠭᠡᠵᠦ᠂ ᠤᠢ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠢᠳᠡᠭᠳᠡᠬᠦ ᠪᠠ ᠰᠠᠯᠬᠢᠨ ᠳᠤ ᠡᠯᠡᠭᠳᠡᠨ ᠡᠯᠡᠰᠦᠷᠬᠡᠭᠵᠢᠬᠦ ᠶᠢ ᠬᠤᠷᠢᠭᠯᠠᠬᠤ ᠶᠢᠨ ᠲᠦᠯᠦᠭᠡ᠂ ᠡᠷᠢᠶᠡᠨ ᠬᠤᠳᠠ 4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠲᠦᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 1144.5 ᠲᠦᠮᠡᠨ ᠲᠥᠭᠦᠷᠢᠭ ᠬᠦᠷᠴᠡᠢ᠂ ᠡᠭᠦᠨ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ 865 ᠲᠦᠮᠡᠨ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ 279.5 ᠲᠦᠮᠡᠨ ᠲᠥᠭᠦᠷᠢᠭ ᠪᠣᠯᠤᠨ᠎ᠠ᠃ ᠪᠦᠳᠤᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠨᠢ100 ᠮᠥ ᠬᠥᠮᠦᠨ ᠤ ᠬᠦᠴᠦ ᠪᠠᠷ ᠤᠶᠢᠵᠢᠭᠤᠯᠬᠤ᠂ 3.5 ᠲᠦᠮᠡᠨ ᠮᠦ ᠡᠯᠡᠰᠦ ᠮᠠᠩᠬ᠎ᠠ ᠶᠢ ᠬᠤᠷᠢᠵᠤ ᠤᠢ ᠮᠤᠳᠤ ᠪᠤᠶᠢᠵᠢᠭᠤᠯᠬᠤ᠂ 11.5 ᠲᠦᠮᠡᠨ ᠮᠦ ᠲᠣᠣᠷ ᠲᠠᠲᠠᠵᠤ ᠪᠡᠯᠴᠢᠭᠡᠷ ᠢ ᠰᠡᠷᠭᠦᠭᠡᠨ ᠪᠤᠶᠢᠵᠢᠭᠤᠯᠬᠤ᠂ 5000 ᠲᠡᠭᠰᠢ ᠳᠦᠷᠪᠡᠯᠵᠢᠨ ᠮᠧᠲᠷ ᠤᠨ ᠬᠦᠯᠡᠮᠵᠢ ᠪᠠᠶᠢᠭᠤᠯᠬᠤ᠂ 45 ᠤᠰᠤᠨ ᠰᠤᠷᠪᠤᠯᠵᠢ ᠭᠠᠷᠭᠠᠬᠤ᠂ ᠠᠷᠪᠢᠯᠠᠨ ᠤᠰᠤᠯᠠᠬᠤ 50 ᠬᠡᠰᠡᠭ ᠭᠠᠵᠠᠷ ᠭᠠᠷᠭᠠᠬᠤ᠂ 2 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ ᠢ ᠵᠠᠰᠠᠬᠤ ᠵᠡᠷᠭᠡ ᠪᠤᠯᠤᠨ᠎ᠠ᠃      ᠣᠳᠣᠬᠠᠨ ᠪᠣᠯᠲᠠᠯ᠎ᠠ᠂ ᠨᠢᠭᠡᠨᠲᠡ 100 ᠮᠥ ᠶᠢ ᠬᠦᠮᠦᠨ ᠤ ᠬᠦᠴᠦ ᠪᠠᠷ ᠤᠶᠢᠵᠢᠭᠤᠯᠬᠤ᠂ 45 ᠤᠰᠤᠨ ᠰᠤᠷᠪᠤᠯᠵᠢ ᠭᠠᠷᠭᠠᠬᠤ᠂ ᠠᠷᠪᠢᠯᠠᠨ ᠤᠰᠤᠯᠠᠬᠤ 30 ᠬᠡᠰᠡᠭ ᠭᠠᠵᠠᠷ ᠭᠠᠷᠭᠠᠬᠤ᠂ 400 ᠮᠦ ᠶᠢᠨ ᠵᠢᠵᠢᠭ ᠰᠠᠪᠠ ᠭᠠᠵᠠᠷ ᠢ ᠵᠠᠰᠠᠬᠤ ᠶᠢ ᠪᠡᠶᠡᠯᠡᠭᠦᠯᠵᠦ᠂ ᠲᠣᠣᠷ ᠲᠠᠲᠠᠵᠤ ᠪᠡᠯᠴᠢᠭᠡᠷ ᠢ ᠰᠡᠷᠭᠦᠭᠡᠨ ᠪᠤᠶᠢᠵᠢᠭᠤᠯᠬᠤ ᠠᠵᠢᠯ ᠤᠨ ᠵᠢᠷᠤᠭ ᠲᠥᠯᠥᠪᠯᠡᠭᠡ ᠨᠢ ᠨᠢᠭᠡᠨᠲᠡ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠨᠠᠨ ᠰᠢᠯᠭᠠᠯᠲᠠ ᠶᠢ ᠦᠩᠭᠡᠷᠭᠡᠵᠦ᠂ ᠡᠯᠡᠰᠦ ᠮᠠᠩᠬ᠎ᠠ ᠶᠢ ᠬᠤᠷᠢᠵᠤ ᠤᠢ ᠮᠤᠳᠤ ᠪᠤᠶᠢᠵᠢᠭᠤᠯᠬᠤ ᠠᠵᠢᠯ ᠤᠨ ᠵᠢᠷᠤᠭ ᠲᠥᠯᠥᠪᠯᠡᠭᠡ ᠨᠢ ᠶᠠᠭ ᠰᠢᠯᠢ ᠶᠢᠨ ᠭᠤᠣᠯ ᠠᠶᠢᠮᠠᠭ ᠤᠨ ᠤᠢ ᠰᠢᠭᠤᠶ ᠶᠢᠨ ᠲᠣᠪᠴᠢᠶ᠎ᠠ ᠶᠢᠨ ᠬᠢᠨᠠᠨ ᠰᠢᠯᠭᠠᠯᠲᠠ ᠶᠢ ᠬᠦᠯᠢᠶᠡᠵᠦ ᠪᠠᠶᠢᠨ᠎ᠠ᠃ ᠲᠦᠷᠦᠯ ᠵᠦᠢᠯ ᠨᠢ ᠪᠠᠷᠤᠭ 10 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠳᠠᠭᠤᠰᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号