ᠣᠶᠢᠷ᠎ᠠ ᠳᠤ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠪᠤᠳᠠᠰ ᠤᠨ | ᠬᠤᠪᠢᠷᠠᠯᠲᠠ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠠᠵᠢᠯ ᠵᠢᠩᠬᠢᠨᠢ ᠪᠠᠷ ᠡᠬᠢᠯᠡᠭᠰᠡᠨ ᠪᠠᠶᠢᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ | ᠵᠣᠬᠢᠶᠠᠬᠤ ᠶᠢ ᠬᠠᠶᠢᠨ ᠰᠦᠪᠡᠭᠴᠢᠯᠡᠬᠦ ᠨᠢ ᠤᠳᠤᠷᠢᠳᠬᠤ ᠺᠠᠳ᠋ᠷ ᠲᠤᠰᠢᠶᠠᠯ ᠠᠴᠠ ᠰᠠᠯᠬᠤ ᠳᠤᠨᠢ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠦ᠋ᠷᠦᠩᠭᠡ ᠶᠢ ᠬᠢᠨᠠᠨ ᠪᠤᠳᠤᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠤᠨ | ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠦᠷᠢᠮ ᠢ ᠪᠠᠶᠢᠭᠤᠯᠬᠤ᠂ ᠶᠡᠷᠦᠩᠬᠡᠶ ᠱᠦᠵᠢ ᠰᠢ ᠶᠢᠨ ᠫᠢᠩ | ᠮᠠᠨ ᠤ ᠣᠷᠣᠨ ᠳᠤ ᠢᠷᠡᠵᠦ ᠰᠢᠨᠵᠢᠯᠡᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ | ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠮᠠᠨ ᠤ | ᠣᠷᠣᠨ ᠤ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠥᠷᠭᠡᠨ ᠲᠦᠯᠬᠢᠨ ᠠᠬᠢᠭᠤᠯᠬᠤ | ᠨᠢᠭᠡᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ | ᠰᠠᠯᠠᠭ᠎ᠠ ᠮᠥᠴᠢᠷ ᠲᠤᠷᠰᠢᠯᠲᠠ ᠶᠢᠨ ᠠᠵᠢᠯ ᠢᠶᠠᠨ 2014 ᠣᠨ ᠠᠴᠠ ᠡᠬᠢᠯᠡᠨ ᠥᠷᠨᠢᠭᠦᠯᠵᠦ᠂ ᠤᠷᠢᠳᠠᠪᠠᠷ ᠬᠢᠵᠦ | ᠤᠷᠢᠳᠠᠪᠠᠷ ᠲᠤᠷᠰᠢᠬᠤ ᠪᠠᠷ ᠳᠠᠮᠵᠢᠭᠤᠯᠤᠨ᠂ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠩᠨᠡᠵᠦ᠂ ᠠᠯᠬᠤᠮ | ᠠᠯᠬᠤᠮ ᠢᠶᠠᠷ ᠳᠡᠯᠭᠡᠷᠡᠭᠦᠯᠦᠨ ᠬᠡᠷᠡᠭᠵᠢᠭᠦᠯᠪᠡ᠃ | ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠪᠤᠳᠠᠰ ᠤᠨ ᠬᠡᠮᠵᠢᠶᠡᠨ ᠤ | ᠬᠤᠪᠢᠷᠠᠯᠲᠠ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠠᠵᠢᠯ ᠤᠨ ᠪᠠᠶᠢᠷᠢᠯᠠᠭᠤᠯᠤᠯᠲᠠ ᠵᠢᠴᠢ | ᠪᠣᠯᠪᠠᠰᠤᠷᠠᠭᠤᠯᠤᠯ ᠤᠨ ᠬᠤᠷᠠᠯ ᠣᠶᠢᠷ᠎ᠠ ᠳᠤ ᠬᠥᠬᠡᠬᠤᠲᠠ ᠳᠤ ᠶᠠᠪᠤᠭᠳᠠᠭᠰᠠᠨ ᠤ ᠳᠠᠷᠠᠭ᠎ᠠ᠂ ᠮᠠᠨ ᠤ ᠠᠶᠢᠮᠠᠭ ᠠᠪᠤᠨ | ᠳᠣᠣᠷ᠎ᠠ ᠪᠠᠨ ᠬᠦᠳᠡᠯᠦᠯᠴᠡᠪᠡ᠃ ᠲᠡᠭᠦᠨ ᠤ ᠲᠣᠭᠠᠴᠠᠭ᠎ᠠ ᠬᠢᠬᠦ ᠠᠭᠤᠯᠭ᠎ᠠ ᠳᠤ ᠭᠤᠣᠯᠳᠠᠭᠤ ᠤᠢ ᠮᠣᠳᠣ᠂ ᠨᠤᠲᠤᠭ | ᠪᠡᠯᠴᠢᠭᠡᠷ᠂ ᠤᠰᠤ᠂ ᠭᠠᠵᠠᠷ ᠰᠢᠷᠣᠶ᠂ ᠠᠭᠤᠷᠬᠠᠶ ᠶᠢᠨ ᠡᠬᠢ ᠪᠠᠶᠠᠯᠢᠭ ᠤᠨ ᠪᠤᠳᠠᠰ ᠤᠨ ᠬᠠᠳᠠᠭᠠᠯᠠᠮᠵᠢ ᠶᠢᠨ | ᠬᠤᠪᠢᠷᠠᠯᠲᠠ ᠪᠣᠯᠣᠨ ᠶᠠᠰᠤ ᠴᠢᠨᠠᠷ ᠤᠨ ᠬᠤᠪᠢᠷᠠᠯᠲᠠ ᠶᠢ ᠪᠠᠭᠲᠠᠭᠠᠪᠠ᠃ ᠠᠯᠠᠱᠠ ᠠᠶᠢᠮᠠᠭ ᠤᠨ ᠤᠢ ᠰᠢᠭᠤᠶ ᠶᠢᠨ | ᠲᠣᠪᠴᠢᠶ᠎ᠠ ᠭᠤᠣᠯᠳᠠᠭᠤ ᠪᠦᠬᠦ ᠠᠶᠢᠮᠠᠭ ᠤᠨ ︽ᠤᠢ ᠮᠣᠳᠣᠨ ᠤ ᠡᠬᠢ ᠪᠠᠶᠠᠯᠢᠭ ᠤᠨ ᠬᠠᠳᠠᠭᠠᠯᠠᠮᠵᠢ ᠵᠢᠴᠢ | ᠬᠤᠪᠢᠷᠠᠯᠲᠠ ᠶᠢᠨ ᠬᠦᠰᠦᠨᠦᠭᠲᠦ︾᠂ ︽ᠤᠢ ᠮᠣᠳᠣᠨ ᠤ ᠡᠬᠢ ᠪᠠᠶᠠᠯᠢᠭ ᠤᠨ ᠶᠠᠰᠤ ᠴᠢᠨᠠᠷ ᠵᠢᠴᠢ ᠬᠤᠪᠢᠷᠠᠯᠲᠠ ᠶᠢᠨ | ᠬᠦᠰᠦᠨᠦᠭᠲᠦ︾ ᠶᠢ ᠨᠠᠶᠢᠷᠠᠭᠤᠯᠤᠨ ᠵᠣᠬᠢᠶᠠᠬᠤ ᠠᠵᠢᠯ ᠵᠢᠴᠢ ︽ᠭᠠᠵᠠᠷ ᠰᠢᠷᠣᠶ ᠶᠢᠨ ᠡᠬᠢ ᠪᠠᠶᠠᠯᠢᠭ ᠤᠨ | ᠬᠠᠳᠠᠭᠠᠯᠠᠮᠵᠢ ᠵᠢᠴᠢ ᠬᠤᠪᠢᠷᠠᠯᠲᠠ ᠶᠢᠨ ᠬᠦᠰᠦᠨᠦᠭᠲᠦ︾ ᠳᠠᠬᠢ ᠨᠤᠭᠤ ᠭᠠᠵᠠᠷ ᠤᠨ ᠵᠠᠷᠢᠮ ᠲᠤᠭ᠎ᠠ ᠪᠠᠷᠢᠮᠲᠠ ᠶᠢ | ᠬᠠᠷᠢᠭᠤᠴᠠᠪᠠ᠃ ᠠᠶᠢᠮᠠᠭ ᠤᠨ ᠤᠢ ᠰᠢᠭᠤᠶ ᠶᠢᠨ ᠲᠣᠪᠴᠢᠶ᠎ᠠ ᠨᠢ 8 ᠳ᠋ᠤᠭᠠᠷ ᠰᠠᠷ᠎ᠠ ᠶᠢᠨ ᠡᠴᠦᠰ ᠪᠣᠯᠬᠤ ᠳᠤ ᠤᠢ | ᠮᠣᠳᠣᠨ ᠤ ᠡᠬᠢ ᠪᠠᠶᠠᠯᠢᠭ ᠵᠢᠴᠢ ᠪᠠᠶᠢᠭᠠᠯᠢᠯᠢᠭ ᠣᠢ᠂ ᠵᠣᠬᠢᠶᠠᠮᠠᠯ ᠣᠢ ᠪᠣᠯᠣᠨ ᠪᠤᠰᠤᠳ ᠤᠢ ᠮᠣᠳᠣ ᠶᠢ | ᠪᠠᠭᠲᠠᠭᠠᠭᠰᠠᠨ ᠪᠤᠳᠠᠰ ᠤᠨ ᠲᠤᠭ᠎ᠠ ᠵᠢᠴᠢ ᠨᠢᠭᠡᠴᠢ ᠲᠠᠯᠠᠪᠠᠢ ᠶᠢᠨ ᠬᠠᠳᠠᠭᠠᠯᠠᠭᠳᠠᠴᠠ ᠶᠢᠨ ᠲᠣᠭᠠᠴᠠᠭ᠎ᠠ ᠬᠢᠬᠦ ᠠᠵᠢᠯ ᠢ | ᠪᠡᠶᠡᠯᠡᠭᠦᠯᠬᠦ ᠪᠠᠷ ᠲᠥᠯᠥᠪᠯᠡᠵᠦ ᠪᠤᠢ᠂ ᠲᠡᠷᠡ ᠦᠶ᠎ᠡ ᠳᠤ ᠠᠯᠠᠱᠠ ᠠᠶᠢᠮᠠᠭ ᠤᠨ ᠤᠢ ᠮᠣᠳᠣᠨ ᠤ ᠡᠬᠢ ᠪᠠᠶᠠᠯᠢᠭ ᠨᠢ | ᠣᠨ ᠤ ᠡᠳ᠋ ᠬᠦᠷᠦᠩᠭᠡ ᠶᠢᠨ ᠳᠠᠩᠰᠠᠨ ᠡᠷᠦᠬᠡ ᠲᠠᠢ ᠪᠣᠯᠬᠤ ᠪᠣᠯᠣᠨ᠎ᠠ᠃ | |