ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠣᠷᠴᠢᠮᠬᠠᠨ ᠰᠲ᠋ᠣᠺ ᠤᠨ ᠡᠷᠬᠡ ᠶᠢᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ ᠶᠢ | ᠵᠥᠪᠰᠢᠶᠡᠷᠡᠵᠦ᠂ ︽ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷᠴᠢᠯᠡᠨ ᠭᠦᠢᠯᠭᠡᠭᠡᠵᠦ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ︾ | ᠵᠠᠷᠴᠢᠮ ᠤᠨ ᠶᠣᠰᠣᠭᠠᠷ᠂ ᠵᠠᠰᠠᠭ ᠤᠨ ᠣᠷᠳᠣᠨ ᠠᠴᠠ ᠡᠳ᠋ ᠤᠨ ᠵᠠᠰᠠᠭ ᠤᠨ ᠲᠤᠰᠬᠠᠶ ᠪᠡᠯᠡ ᠮᠥᠩᠭᠦ ᠪᠠᠷ ᠪᠡᠯᠡ | ᠪᠣᠯᠭᠠᠵᠤ᠂ ᠨᠡᠶᠢᠭᠡᠮ ᠤᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢ ᠲᠠᠲᠠᠨ ᠣᠷᠣᠭᠤᠯᠵᠤ᠂ ᠰᠠᠭᠤᠷᠢ | ᠪᠡᠯᠡᠳᠬᠡᠮᠵᠢ ᠶᠢᠨ ᠲᠥᠷᠥᠯ ᠤᠨ ᠪᠡᠯᠡ ᠣᠷᠣᠭᠤᠯᠤᠯᠲᠠ ᠪᠣᠯᠤᠨ ᠠᠵᠤ ᠦᠢᠯᠡᠰ ᠤᠨ ᠲᠥᠷᠥᠯ ᠵᠦᠢᠯ ᠤᠨ ᠪᠡᠯᠡ | ᠣᠷᠣᠭᠤᠯᠤᠯᠲᠠ ᠭᠡᠬᠦ ᠬᠤᠶᠠᠷ ᠵᠦᠢᠯ ᠤᠨ ᠰᠠᠭᠤᠷᠢ ᠮᠥᠩᠭᠦ ᠶᠢ ᠪᠠᠶᠢᠭᠤᠯᠪᠠ᠃ ᠰᠠᠭᠤᠷᠢ ᠪᠡᠯᠡᠳᠬᠡᠮᠵᠢ ᠶᠢᠨ | ᠲᠥᠷᠥᠯ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠯᠥᠪᠯᠡᠭᠰᠡᠨ ᠬᠡᠪᠴᠢᠶᠡᠵᠢᠯ ᠨᠢ 100 | ᠳ᠋ᠦᠩᠰᠢᠭᠤᠷ ᠲᠥᠭᠦᠷᠢᠭ ᠪᠠᠶᠢᠵᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠪᠠᠷ ᠵᠢᠱᠢᠵᠦ᠂ ᠡᠭᠦᠨ ᠳᠤ ᠬᠤᠳᠠ ᠶᠢᠨ ᠪᠦᠳᠦᠭᠡᠠ | ᠪᠠᠶᠢᠭᠤᠯᠤᠯᠲᠠ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ᠂ ᠬᠥᠮᠦᠨ ᠤ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠷᠴᠢᠨ ᠲᠣᠭᠤᠷᠢᠨ ᠢ ᠵᠠᠰᠠᠬᠤ᠂ ᠵᠢᠵᠢᠭ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠪᠠᠭᠲᠠᠨ᠎ᠠ︔ ᠠᠵᠤ ᠦᠢᠯᠡᠰ ᠤᠨ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠯᠥᠪᠯᠡᠭᠰᠡᠨ ᠬᠡᠪᠴᠢᠶᠡᠵᠢᠯ ᠨᠢ 300 ᠳ᠋ᠦᠩᠰᠢᠭᠤᠷ ᠲᠥᠭᠦᠷᠢᠭ | ᠪᠠᠶᠢᠵᠤ᠂ ᠳᠠᠪᠠᠭᠤᠯᠢᠭ ᠠᠵᠤ ᠦᠢᠯᠡᠳᠪᠦᠷᠢ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ | ᠵᠢᠭᠤᠯᠴᠢᠯᠠᠯ ᠤᠨ ᠠᠵᠤ ᠦᠢᠯᠡᠰ᠂ ᠬᠤᠣᠰ ᠴᠣᠭᠴᠠᠯᠠᠯᠲᠠ ᠶᠢᠨ ᠪᠡᠯᠡ ᠣᠷᠣᠭᠤᠯᠤᠯᠲᠠ᠂ ᠰᠢᠯᠵᠢᠮᠡᠯ ᠬᠠᠮᠢᠶᠠᠷᠤᠯᠲᠠ | ᠵᠡᠷᠭᠡ ᠶᠢ ᠭᠤᠣᠯᠳᠠᠯᠭ᠎ᠠ ᠲᠠᠢ ᠪᠠᠷ ᠳᠡᠮᠵᠢᠨ᠎ᠡ᠃ ᠰᠠᠭᠤᠷᠢ ᠮᠥᠩᠭᠦ ᠶᠢ ᠣᠯᠠᠨ ᠬᠤᠭᠤᠴᠠᠭ᠎ᠠ ᠬᠤᠪᠢᠶᠠᠨ ᠪᠡᠯᠡ | ᠣᠷᠣᠭᠤᠯᠵᠤ᠂ ᠦᠷᠭᠦᠯᠵᠢᠯᠡᠨ ᠬᠠᠳᠠᠭᠠᠯᠠᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 8 ᠵᠢᠯ ᠠᠴᠠ ᠳᠣᠣᠷ᠎ᠠ | ᠪᠠᠶᠢᠯᠭᠠᠬᠤ ᠦᠭᠡᠢ ᠦᠭᠡᠢ᠃ ᠵᠠᠰᠠᠭ ᠤᠨ ᠣᠷᠳᠣᠨ ᠤ ᠠᠵᠤ ᠦᠢᠯᠡᠰ ᠤᠨ ᠬᠥᠲᠥᠯᠥᠨ ᠵᠢᠯᠣᠭᠤᠳᠬᠤ ᠰᠠᠭᠤᠷᠢ | ᠮᠥᠩᠭᠦ ᠪᠠᠶᠢᠭᠤᠯᠬᠤ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠳᠠᠪᠠᠭᠤᠯᠢᠭ ᠭᠤᠣᠯᠯᠠᠬᠤ ᠠᠵᠤ ᠦᠢᠯᠡᠰ ᠲᠡᠰᠢ | ᠬᠡᠯᠪᠠᠶᠢᠯᠭᠡᠬᠦ ᠶᠢ ᠠᠬᠢᠭᠤᠯᠵᠤ᠂ ᠨᠢᠭᠡᠳᠬᠡᠨ ᠲᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠲᠡᠰ ᠳᠡᠪᠰᠢᠬᠦ ᠪᠠ | ᠡᠮᠬᠢᠯᠡᠨ ᠨᠡᠶᠢᠯᠡᠭᠦᠯᠬᠦ ᠶᠢ ᠳᠠᠭᠠᠭᠤᠯᠵᠤ᠂ ᠳᠠᠪᠠᠭᠤᠯᠢᠭ ᠠᠵᠤ ᠦᠢᠯᠡᠰ ᠤᠨ ᠪᠦᠯᠦᠭᠯᠡᠯ ᠢ ᠪᠤᠢ ᠪᠣᠯᠭᠠᠬᠤ ᠳᠤ | ᠠᠰᠢᠭᠲᠠᠶ ᠪᠣᠯᠭᠠᠨ᠎ᠠ᠃ |