5 ᠳ᠋ᠤᠭᠠᠷ ᠰᠠᠷ᠎ᠠ ᠶᠢᠨ 20 ᠤ ᠡᠳᠦᠷ᠂ ᠪᠤᠭᠤᠲᠤ ᠬᠤᠳ᠋ᠨ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠠᠬᠢᠭᠤᠯᠤᠯᠲᠠ ᠶᠢᠨ | ᠬᠤᠷᠠᠯ ᠬᠢᠪᠡ᠃ ᠪᠤᠭᠤᠲᠤ ᠬᠤᠳ᠋ᠨ ᠶᠢᠨ ᠳᠡᠳ᠋ ᠳᠠᠷᠤᠭ᠎ᠠ ᠷᠧᠨ ᠹᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠷᠧᠨ ᠹᠦ᠋ ᠬᠡᠯᠡᠬᠦ ᠳᠡᠭᠡᠨ᠂ ᠳᠠᠯᠠᠨ ᠬᠠᠷ᠎ᠠ ᠠᠭᠤᠯᠠ ᠪᠣᠯ ᠪᠤᠭᠤᠲᠤ ᠬᠤᠲᠠ ᠶᠢᠨ ︽ᠠᠷᠤ ᠴᠡᠴᠡᠷᠯᠢᠭ︾ | ᠮᠥᠨ᠂ ᠬᠤᠳᠠ ᠶᠢᠨ ᠭᠤᠶᠤᠵᠢᠭᠤᠯᠤᠯᠲᠠ ᠶᠢ ᠬᠠᠮᠠᠭᠠᠯᠠᠬᠤ᠂ ᠴᠢᠭᠢᠭᠯᠢᠭ ᠭᠠᠵᠠᠷ ᠢ ᠪᠠᠲᠤᠯᠠᠬᠤ ᠪᠠ ᠭᠠᠵᠠᠷ | ᠰᠢᠷᠣᠶ ᠶᠢᠨ ᠦᠩ ᠰᠢᠮ᠎ᠡ ᠶᠢ ᠪᠠᠲᠤᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠣᠢ᠃ ᠡᠯ᠎ᠡ ᠬᠠᠮᠢᠶ᠎ᠠ ᠪᠦᠬᠦᠢ ᠭᠠᠵᠠᠷ | ᠣᠷᠣᠨ᠂ ᠰᠠᠯᠠᠭ᠎ᠠ ᠮᠥᠴᠢᠷ ᠤᠳ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ | ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ | ︽ᠭᠠᠯ ᠰᠡᠷᠭᠡᠶᠢᠯᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠦᠳᠡᠷ ᠶᠢᠨ ᠠᠭᠤᠷᠬᠠᠢ ᠶᠢ ᠵᠠᠰᠠᠬᠤ᠂ ᠰᠡᠯᠪᠢᠨ | ᠰᠡᠷᠭᠦᠭᠡᠬᠦ︾ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠳᠠᠯᠠᠨ ᠬᠠᠷ᠎ᠠ ᠠᠭᠤᠯᠠ ᠶᠢᠨ | ᠬᠡᠪᠴᠢᠶᠡᠨ ᠳᠠᠬᠢ ᠠᠮᠢ ᠠᠬᠤᠶ ᠶᠢ ᠵᠠᠰᠠᠨ ᠰᠡᠷᠭᠦᠭᠡᠬᠦ᠂ ᠠᠭᠤᠷᠬᠠᠶ ᠶᠢᠨ ᠠᠵᠤ ᠠᠬᠤᠶᠢᠯᠠᠯ ᠢ ᠲᠣᠳᠣᠯᠣᠨ | ᠢᠯᠭᠠᠷᠠᠭᠤᠯᠬᠤ᠂ ᠠᠮᠢ ᠠᠬᠤᠶ ᠶᠢᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠠᠵᠢᠯ ᠢ ᠡᠷᠴᠢᠮᠲᠡᠢ ᠰᠠᠶᠢᠲᠤᠷ | ᠠᠳᠬᠤᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠤᠨ ᠲᠠᠯ᠎ᠠ ᠪᠠᠷ | ᠪᠣᠳᠠᠲᠤ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠷᠧᠨ ᠹᠦ᠋ ᠬᠡᠯᠡᠬᠦ ᠳᠡᠭᠡᠨ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠠᠵᠢᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠳᠠᠭ᠂ ᠬᠠᠮᠢᠶ᠎ᠠ ᠪᠦᠬᠦᠢ ᠭᠠᠵᠠᠷ ᠣᠷᠣᠨ᠂ ᠡᠯ᠎ᠡ ᠬᠤᠯᠪᠣᠭᠳᠠᠯ | ᠪᠥᠬᠦᠢ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠬᠤᠪᠢᠶᠠᠷᠢᠯᠠᠬᠤ ᠶᠢ | ᠴᠢᠩᠭᠠᠷᠠᠭᠤᠯᠵᠤ᠂ ᠭᠠᠵᠠᠷ ᠨᠤᠲᠤᠭ ᠢᠶᠠᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠬᠤ᠂ ᠭᠠᠵᠠᠷ ᠨᠤᠲᠤᠭ ᠢᠶᠠᠨ | ᠬᠠᠮᠠᠭᠠᠯᠠᠬᠤ ᠬᠠᠷᠢᠭᠤᠴᠠᠯᠭ᠎ᠠ ᠪᠠᠨ ᠲᠡᠭᠦᠰ ᠭᠦᠢᠴᠡᠳᠬᠡᠬᠦ᠂ ᠭᠠᠵᠠᠷ ᠨᠤᠲᠤᠭ ᠢᠶᠠᠨ ᠬᠠᠮᠠᠭᠠᠯᠠᠬᠤ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠠᠮᠲᠤ ᠪᠠᠷ | ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠷᠧᠨ ᠹᠦ᠋ ᠪᠤᠭᠤᠲᠤ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠵᠦ ᠬᠥᠨᠳᠡᠯᠡᠨ | ᠲᠣᠭᠤᠷᠢᠭ᠂ ᠴᠢᠩᠱᠠᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠰᠢᠭᠤᠶᠢᠲᠤ ᠲᠣᠭᠤᠷᠢᠭ᠂ ᠭᠦᠶᠡᠩ ᠰᠢᠶᠠᠨ | ᠯᠤᠭ᠎ᠠ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠪᠤᠭᠤᠲᠤ ᠶᠢᠨ ᠬᠠᠷᠢᠶ᠎ᠠ ᠣᠷᠣᠨ ᠤ 2016 ᠣᠨ ᠤ ᠬᠠᠷᠢᠭᠤᠴᠠᠯᠭ᠎ᠠ ᠶᠢᠨ ᠪᠢᠴᠢᠭ | ᠲᠤ ᠭᠠᠷ ᠤᠨ ᠦᠰᠦᠭ ᠵᠢᠷᠤᠪᠠ᠃ | |