2016 ᠣᠨ ᠤ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠶᠢᠨ ᠡᠳ᠋ ᠤᠨ | ᠵᠠᠰᠠᠭ ᠠᠴᠠ 11.12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠪᠦᠬᠦ ᠬᠤᠲᠠ ᠶᠢᠨ | ᠨᠡᠶᠢᠭᠡᠮ ᠤᠨ ᠪᠠᠲᠤᠯᠠᠭ᠎ᠠ ᠵᠢᠴᠢ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠬᠦᠴᠦᠲᠡᠶ ᠳᠡᠮᠵᠢᠪᠡ᠃ ᠡᠭᠦᠨ ᠢ | ᠭᠤᠣᠯ ᠨᠢ᠄ ᠬᠤᠳᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠠ ᠮᠥᠩᠭᠦ︔ ᠬᠥᠳᠡᠭᠡ | ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠠ ᠮᠥᠩᠭᠦ︔ ᠬᠤᠳᠠ ᠪᠠᠯᠭᠠᠰᠤᠨ ᠤ ︽ | ᠭᠤᠷᠪᠠᠨ ᠥᠭᠡᠢ︾ ᠬᠥᠮᠦᠰ ᠢ ᠠᠰᠠᠷᠠᠨ ᠲᠡᠵᠢᠭᠡᠬᠦ ᠪᠡᠯᠡ ᠮᠥᠩᠭᠦ︔ ᠬᠥᠳᠡᠭᠡ ᠲᠣᠰᠬᠤᠨ ᠤ ᠲᠠᠪᠤᠨ ᠪᠠᠲᠤᠯᠠᠭᠠᠲᠤ | ᠡᠷᠦᠭᠡ ᠶᠢ ᠠᠰᠠᠷᠠᠨ ᠲᠡᠵᠢᠭᠡᠬᠦ ᠪᠡᠯᠡ ᠮᠥᠩᠭᠦ︔ 80 ᠨᠠᠰᠤᠨ ᠠᠴᠠ ᠳᠡᠭᠡᠭᠰᠢᠬᠢ ᠨᠠᠰᠤᠲᠠᠳ ᠤᠨ ᠥᠨᠳᠥᠷ | ᠨᠠᠰᠤᠨ ᠤ ᠨᠡᠮᠡᠭᠦᠷᠢ ᠮᠥᠩᠭᠦ︔ ︽ᠭᠤᠷᠪᠠᠨ ᠠᠷᠠᠳ︾ ᠵᠡᠷᠭᠡ ᠬᠥᠮᠦᠰ ᠤᠨ ᠲᠤᠰᠠᠯᠠᠮᠵᠢ ᠶᠢᠨ ᠪᠡᠯᠡ ᠮᠥᠩᠭᠦ︔ | ᠬᠤᠳᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ︔ ᠥᠨᠥᠴᠢᠨ ᠬᠡᠦᠬᠡᠳ ᠢ ᠲᠡᠵᠢᠭᠡᠨ | ᠥᠰᠬᠡᠬᠦ ᠪᠡᠯᠠ ᠮᠥᠩᠭᠦ︔ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠪᠡᠯᠡ ᠮᠥᠩᠭᠦ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ | ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ︔ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ | ᠨᠥᠬᠦᠪᠥᠷᠢ ᠪᠡᠯᠡ ᠮᠥᠩᠭᠦ︔ ︽ᠭᠤᠷᠪᠠ ᠶᠢ ᠲᠡᠮᠵᠢᠵᠤ ᠨᠢᠭᠡ ᠶᠢ ᠲᠡᠳᠬᠦᠬᠦ︾ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠮᠢᠳᠤᠷᠠᠯ᠂ ᠵᠠᠮ ᠬᠠᠷᠢᠯᠴᠠᠭᠠᠨ ᠤ ᠨᠥᠬᠦᠪᠥᠷᠢ ᠪᠡᠯᠡ ᠮᠥᠩᠭᠦ︔ ᠠᠵᠢᠯ ᠣᠯᠭᠤᠯᠲᠠ ᠶᠢᠨ | ᠨᠥᠬᠦᠪᠥᠷᠢ ᠪᠡᠯᠡ ᠮᠥᠩᠭᠦ︔ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠢᠵᠢ | ᠪᠦᠷᠢᠳᠦᠭᠦᠯᠬᠦ ᠪᠡᠯᠡ ᠮᠥᠩᠭᠦ᠂ ᠡᠮ ᠡᠮᠨᠡᠯᠭᠡ ᠶᠢᠨ ᠵᠠᠷᠤᠳᠠᠯ ᠢ ᠨᠦᠬᠦᠪᠦᠷᠢᠯᠡᠬᠦ ᠪᠡᠯᠡ ᠮᠦᠩᠭᠦ︔ | ᠲᠥᠯᠥᠪᠯᠡᠭᠡ ᠲᠠᠢ ᠪᠠᠷ ᠡᠭᠡᠯᠢᠯᠡᠭᠡ ᠲᠠᠷᠢᠯᠭ᠎ᠠ ᠲᠠᠷᠢᠬᠤ ᠨᠥᠬᠦᠪᠥᠷᠢ ᠶᠢᠨ ᠵᠠᠷᠤᠳᠠᠯ ᠵᠡᠷᠭᠡ ᠳᠤ ᠬᠡᠷᠡᠭᠯᠡᠪᠡ᠃ |