ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 69 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/5/3
     4 ᠳ᠋ᠣᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠤᠷᠤᠯᠠᠭᠴᠢ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠲᠠᠭᠠᠭᠠᠴᠢᠯᠠᠭᠰᠠᠨ ᠭᠠᠵᠠᠷ ᠰᠢᠷᠤᠢ ︵ᠨᠤᠳᠤᠭ ᠪᠡᠯᠴᠢᠬᠡᠷ︶᠎ ᠶᠢᠨ ᠡᠵᠡᠩᠨᠡᠬᠦ ᠡᠷᠭᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠳᠠ ᠶᠢᠨ ᠠᠵᠢᠯ ᠢ ᠭᠡᠷᠡᠭᠵᠢᠬᠦᠯᠬᠦ ᠲᠦᠰᠦᠯ︾᠂ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠠᠯᠴᠢᠨ ᠲᠠᠷᠢᠶᠠᠴᠢᠨ ᠤ ᠤᠷᠤᠨ ᠰᠠᠭᠤᠴᠠ ᠶᠢᠨ ᠬᠦᠷᠦᠩᠭᠡ ᠶᠢᠨ ᠡᠷᠭᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠳᠠ ᠶᠢᠨ ᠠᠵᠢᠯ ᠢ ᠭᠡᠷᠡᠭᠵᠢᠬᠦᠯᠬᠦ ᠲᠦᠰᠦᠯ︾᠂ ︽ᠥᠪᠦᠷ ᠮᠤᠩᠭᠤᠯ ᠤᠨ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠲᠦᠯᠦᠪᠵᠢᠬᠦᠯᠭᠡ ︵2016 — 2020 ᠤᠨ︶︾᠂ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠲᠦᠢᠮᠡᠷ ᠢ ᠰᠡᠷᠭᠡᠶᠢᠯᠡᠬᠦ ᠲᠦᠷᠢᠮ ︵ᠵᠠᠰᠠᠪᠤᠷᠢ ᠤᠷᠤᠭᠤᠯᠤᠭᠰᠠᠨ ᠲᠦᠰᠦᠯ︶︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠰᠠᠨᠠᠭᠤᠯᠭ᠎ᠠ ︵ᠲᠦᠰᠦᠯ︶︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠰᠡᠭ ᠵᠠᠰᠠᠭ ᠤᠨ ᠤᠷᠳᠤᠨ ᠤ ᠲᠦᠷᠢᠮ ᠲᠤᠭᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ ︵ᠲᠦᠰᠦᠯ︶︾᠎ ᠢ ᠰᠤᠳᠤᠯᠵᠦ᠂ ︽ᠡᠳ᠋ ᠤᠨ ᠵᠠᠰᠠᠭ ᠠᠴᠠ ᠢᠳᠡᠭᠡᠨ ᠤ ᠵᠦᠢᠯᠡᠰ ᠤᠨ ᠠᠮᠤᠷ ᠲᠦᠪᠰᠢᠨ ᠢ ᠪᠠᠳᠤᠯᠠᠬᠤ ᠵᠠᠷᠤᠳᠠᠯ ᠤᠨ ᠪᠠᠶᠢᠳᠠᠯ ᠤᠨ ᠲᠤᠬᠠᠢ ᠮᠡᠳᠡᠬᠦᠯᠦᠯᠳᠠ︾ ᠪᠠ ︽ᠡᠵᠡᠩᠨᠡᠯᠳᠠ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠤᠯᠭᠠᠬᠤ ᠦᠭᠡᠷᠡᠴᠢᠯᠡᠯᠳᠠ ᠶᠢᠨ ᠲᠤᠷᠰᠢᠯᠳᠠ ᠶᠢᠨ ᠴᠢᠬ ᠤᠨ ᠬᠤᠯᠪᠤᠭᠳᠠᠯ ᠪᠦᠬᠦᠢ ᠠᠵᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠠ︾᠎ ᠶᠢ ᠰᠤᠨᠤᠰᠪᠠ᠃      ᠬᠤᠷᠠᠯ ᠠᠴᠠ ᠦᠵᠡᠭᠰᠡᠨ ᠨᠢ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ︵ᠨᠤᠳᠤᠭ ᠪᠡᠯᠴᠢᠬᠡᠷ︶᠎ ᠶᠢ ᠳᠠᠭᠠᠭᠠᠴᠢᠯᠠᠨ ᠡᠵᠡᠩᠨᠡᠬᠦ ᠡᠷᠭᠡ᠂ ᠮᠠᠯᠴᠢᠨ ᠲᠠᠷᠢᠶᠠᠴᠢᠨ ᠤ ᠤᠷᠤᠨ ᠰᠠᠭᠤᠴᠠ ᠶᠢᠨ ᠬᠦᠷᠦᠩᠭᠡ ᠶᠢᠨ ᠡᠷᠭᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠳᠠ ᠶᠢᠨ ᠴᠢᠬ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠲᠤᠭᠳᠠᠭᠠᠭᠰᠠᠨ ᠴᠢᠬᠤᠯᠠ ᠦᠭᠡᠷᠡᠴᠢᠯᠡᠯᠳᠠ ᠶᠢᠨ ᠡᠬᠦᠷᠭᠡ᠂ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠯ ᠤᠨ ᠡᠷᠭᠡ ᠶᠢᠨ ᠲᠦᠷᠢᠮ ᠤᠨ ᠰᠢᠨ᠎ᠠ ᠶᠢ ᠡᠬᠦᠳᠬᠦ᠂ ᠮᠦᠩᠬᠦᠨ ᠬᠦᠢᠯᠭᠡᠭᠡᠨ ᠤ ᠰᠢᠨ᠎ᠠ ᠶᠢ ᠡᠬᠦᠳᠬᠦ ᠶᠢᠨ ᠴᠢᠬᠤᠯᠠ ᠠᠭᠤᠯᠭ᠎ᠠ ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠤ ᠬᠠᠳᠠᠭᠠᠯᠠᠭᠳᠠᠵᠦ ᠪᠠᠶᠢᠭ᠎ᠠ ᠬᠦᠷᠦᠩᠭᠡ ᠶᠢ ᠬᠦᠭᠵᠢᠭᠡᠵᠦ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠶᠢ ᠠᠬᠢᠭᠤᠯᠬᠤ ᠳᠤ ᠠᠰᠢᠭᠳᠠᠢ ᠶᠤᠮ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠡᠬᠦᠷᠬᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠳᠤᠳᠤᠷᠬᠠᠢᠢᠯᠠᠵᠤ᠂ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠦᠷᠤ ᠶᠢᠨ ᠪᠤᠳᠤᠯᠭ᠎ᠠ ᠶᠢᠨ ᠲᠠᠶᠢᠯᠪᠤᠷᠢᠯᠠᠯᠳᠠ ᠪᠤᠯᠤᠨ ᠤᠬᠠᠭᠤᠯᠭ᠎ᠠ ᠶᠢ ᠰᠠᠶᠢᠳᠤᠷ ᠬᠢᠵᠤ᠂ ᠲᠤᠷᠰᠢᠯᠳᠠ ᠶᠢᠨ ᠬᠤᠰᠢᠭᠤ ᠰᠢᠶᠠᠨ ᠤ ᠬᠠᠤᠯᠢ ᠶᠤᠰᠤᠭᠠᠷ᠂ ᠲᠦᠷᠤ ᠶᠢᠨ ᠪᠤᠳᠤᠯᠭ᠎ᠠ ᠶᠤᠰᠤᠭᠠᠷ ᠠᠵᠢᠯ ᠢᠶᠠᠨ ᠦᠷᠨᠢᠬᠦᠯᠬᠦ ᠶᠢ ᠬᠦᠳᠤᠯᠤᠨ ᠵᠢᠯᠤᠭᠤᠳᠴᠤ᠂ ᠲᠤᠷᠰᠢᠯᠳᠠ ᠶᠢᠨ ᠴᠢᠬ ᠤᠨ ᠠᠵᠢᠯ ᠤᠨ ᠤᠷᠤᠬᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠠᠢ᠃ ᠡᠯ᠎ᠠ ᠭᠠᠵᠠᠷ ᠤᠷᠤᠨ ᠪᠤᠯᠤᠨ ᠡᠯ᠎ᠠ ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ ᠤᠨ ᠬᠢᠨ ᠢᠳᠡᠪᠬᠢᠳᠠᠢ ᠪᠠᠷ ᠰᠢᠨ᠎ᠠ ᠶᠢ ᠡᠬᠦᠳᠴᠤ᠂ ᠪᠤᠳᠠᠳᠠᠢ ᠳᠤ ᠨᠡᠶᠢᠴᠡᠬᠦ ᠨᠡᠩ ᠤᠯᠠᠨ ᠠᠷᠭ᠎ᠠ ᠵᠠᠮ ᠢ ᠬᠠᠶᠢᠨ ᠰᠦᠪᠡᠭᠴᠢᠯᠡᠵᠤ᠂ ᠮᠠᠯᠴᠢᠨ ᠲᠠᠷᠢᠶᠠᠴᠢᠨ ᠳᠤ ᠬᠠᠨᠳᠤᠭᠤᠯᠤᠬᠰᠠᠨ ᠮᠦᠩᠬᠦᠨ ᠬᠦᠢᠯᠬᠡᠬᠡᠨ ᠤ ᠤᠢᠢᠯᠡᠴᠢᠯᠡᠭᠡ ᠶᠢ ᠴᠢᠨᠠᠬᠰᠢᠳᠠ ᠴᠢᠩᠭᠠᠳᠬᠠᠬᠤ ᠭᠡᠷᠡᠭᠳᠠᠢ ᠬᠡᠪᠡ᠃      ᠬᠤᠷᠠᠯ ᠠᠴᠠ ᠴᠢᠩᠭᠠᠳᠬᠠᠭᠰᠠᠨ ᠨᠢ᠂ ᠶᠠᠷᠤᠩᠬᠡᠢ ᠱᠦᠵᠢ ᠰᠢ ᠶᠢᠨ ᠫᠢᠩ ᠤᠨ ᠠᠨᡁᠦ᠋ᠢ ᠮᠤᠵᠢ ᠶᠢᠨ ᠹᠧᠩ ᠶᠠᠩ ᠬᠤᠳᠠ ᠶᠢᠨ ᠰᠢᠶᠤᠤ ᠭᠠᠩ ᠲᠤᠰᠬᠤᠨ ᠳᠤ ᠬᠢᠭᠰᠡᠨ ᠬᠦᠳᠡᠭᠡ ᠲᠤᠰᠬᠤᠨ ᠤ ᠦᠬᠡᠷᠡᠴᠢᠯᠠᠯᠳᠠ ᠬᠦᠭᠵᠢᠯᠳᠠ ᠶᠢᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠮᠠᠯᠵᠢᠬᠤ ᠲᠠᠷᠢᠶᠠᠯᠠᠬᠤ ᠤᠷᠤᠨ ᠤ ᠦᠬᠡᠷᠡᠴᠢᠯᠠᠯᠳᠠ ᠬᠦᠭᠵᠢᠯᠳᠠ ᠶᠢᠨ ᠠᠯᠬᠤᠭ᠎ᠠ ᠶᠢ ᠴᠢᠨᠠᠬᠰᠢᠳᠠ ᠲᠦᠷᠬᠡᠳᠬᠡᠵᠤ᠂ ᠨᠠᠮ ᠤᠨ ᠲᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢ ᠲᠡᠮᠵᠢᠬᠦ᠂ ᠮᠠᠯᠴᠢᠨ ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠬᠤ ᠲᠤᠬᠠᠢ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠳᠤ ᠬᠦᠴᠤ ᠨᠡᠮᠡᠷᠢᠯᠠᠨ ᠠᠮᠢᠵᠢᠷᠠᠯ ᠤᠨ ᠬᠦᠴᠤᠨ ᠢ ᠬᠦᠭᠵᠢᠬᠡᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ᠂ ᠮᠠᠯᠵᠢᠬᠤ ᠲᠠᠷᠢᠶᠠᠯᠠᠬᠤ ᠤᠷᠤᠨ ᠤ ᠴᠡᠴᠡᠭᠯᠠᠯ ᠬᠦᠭᠵᠢᠯ ᠢ ᠴᠢᠷᠮᠠᠶᠢᠨ ᠠᠬᠢᠭᠤᠯᠬᠤ ᠭᠡᠷᠡᠭᠳᠠᠢ ᠬᠡᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠵᠡᠩᠨᠡᠯᠳᠠ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠤᠯᠭᠠᠬᠤ ᠦᠬᠡᠷᠡᠴᠢᠯᠡᠯᠳᠡ ᠶᠢᠨ ᠲᠤᠷᠰᠢᠯᠳᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠪᠤᠯ ᠤᠯᠤᠰ ᠤᠨ ᠨᠢᠬᠡ ᠵᠦᠢᠯ ᠤᠨ ᠴᠢᠬᠤᠯᠠ ᠶᠡᠭᠡ ᠦᠬᠡᠷᠡᠴᠢᠯᠠᠯᠳᠠ ᠶᠢᠨ ᠠᠷᠭ᠎ᠠ ᠬᠡᠮᠵᠢᠶ᠎ᠠ ᠪᠤᠯᠤᠨ᠎ᠠ᠃ ᠡᠨᠡ ᠨᠢ ᠭᠠᠶᠢᠯᠢ ᠶᠢᠨ ᠶᠠᠪᠤᠳᠠᠯ ᠤᠨ ᠲᠦᠷᠢᠮ ᠢ ᠲᠡᠬᠦᠯᠳᠡᠷᠵᠢᠬᠦᠯᠬᠦ᠂ ᠠᠵᠤ ᠠᠬᠤᠢᠢᠯᠠᠯ ᠤᠨ ᠭᠠᠶᠢᠯᠢ ᠶᠢᠨ ᠲᠠᠷᠤᠭᠠᠰᠤ ᠶᠢ ᠬᠦᠩᠬᠡᠷᠡᠬᠦᠯᠬᠦ ᠳᠤ ᠠᠰᠢᠬᠳᠠᠢ᠂ ᠠᠵᠤ ᠠᠬᠤᠢ ᠶᠢᠨ ᠨᠡᠮᠡᠭᠳᠡᠯ ᠢ ᠲᠡᠶᠢᠴᠢᠯᠠᠨ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠳᠤ ᠠᠰᠢᠬᠳᠠᠢ ᠶᠤᠮ᠃ ᠡᠯ᠎ᠠ ᠰᠠᠯᠠᠭ᠎ᠠ ᠮᠦᠴᠢᠷ ᠤᠨ ᠬᠢᠨ ᠬᠠᠷᠢᠴᠠᠭ᠎ᠠ ᠬᠤᠯᠪᠤᠭ᠎ᠠ ᠠᠪᠴᠤ ᠬᠠᠮᠵᠢᠯᠴᠠᠬᠤ ᠪᠠ ᠠᠵᠢᠯ ᠢᠶᠠᠨ ᠵᠤᠯᠭᠠᠭᠤᠯᠬᠤ ᠶᠢ ᠴᠢᠩᠭᠠᠳᠬᠠᠵᠤ᠂ ᠲᠦᠷᠤ ᠶᠢᠨ ᠪᠤᠳᠤᠯᠭ᠎ᠠ ᠶᠢᠨ ᠪᠤᠯᠪᠠᠰᠤᠷᠠᠯ᠂ ᠶᠠᠷᠢᠶ᠎ᠠ ᠬᠡᠯᠡᠯᠴᠡᠭᠡ ᠤᠬᠠᠭᠤᠯᠭ᠎ᠠ ᠪᠤᠯᠤᠨ ᠬᠦᠳᠤᠯᠤᠨ ᠵᠢᠯᠤᠭᠤᠳᠬᠤ ᠠᠵᠢᠯ ᠢ ᠴᠢᠩᠭᠠᠳᠬᠠᠵᠤ᠂ ᠦᠬᠡᠷᠡᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠠᠢ᠃ ᠡᠵᠡᠩᠨᠡᠯᠳᠠ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠤᠯᠭᠠᠬᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠤᠬᠰᠠᠨ ᠤ ᠲᠠᠷᠠᠭ᠎ᠠ ᠠᠵᠢᠯ ᠲᠦᠷᠤᠯ ᠪᠦᠬᠦᠨ ᠤ ᠭᠠᠶᠢᠯᠢ ᠶᠢᠨ ᠲᠠᠷᠤᠭᠠᠰᠤ ᠬᠦᠩᠬᠡᠷᠡᠬᠦ ᠠᠴᠠ ᠪᠢᠰᠢ ᠬᠦᠨᠳᠤᠷᠡᠬᠦ ᠦᠬᠡᠢ ᠪᠠᠶᠢᠬᠤ ᠶᠢ ᠪᠠᠳᠤᠯᠠᠬᠤ ᠭᠡᠷᠡᠭᠳᠠᠢ᠃ ᠶᠡᠭᠡ ᠬᠡᠪᠴᠢᠶᠠᠨ ᠤ ᠪᠦᠳᠤᠴᠠ ᠶᠢᠨ ᠴᠢᠨᠠᠷᠳᠠᠢ ᠪᠠᠷ ᠭᠠᠶᠢᠯᠢ ᠬᠠᠰᠤᠬᠤ ᠲᠦᠷᠤ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠮᠵᠢᠵᠤ᠂ ᠡᠯ᠎ᠠ ᠵᠦᠢᠯ ᠤᠨ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠢᠳᠡᠪᠬᠢᠵᠢᠯ ᠢ ᠬᠦᠢᠴᠡᠳ ᠲᠠᠶᠢᠴᠢᠯᠠᠨ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠦᠷᠬᠡᠳᠬᠡᠵᠤ᠂ ᠨᠡᠩ ᠶᠡᠭᠡ ᠬᠦᠭᠵᠢᠯᠳᠠ ᠶᠢ ᠴᠢᠷᠮᠠᠶᠢᠨ ᠪᠡᠶᠡᠯᠡᠬᠦᠯᠬᠦ ᠭᠡᠷᠡᠭᠳᠠᠢ ᠬᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠪᠤᠯ ᠲᠤᠰ ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠦᠨᠳᠦᠰᠦᠨ ᠪᠤᠳᠤᠯᠭ᠎ᠠ᠂ ᠮᠦᠨᠴᠦ ᠠᠵᠤ ᠦᠢᠯᠡᠰ ᠤᠨ ᠠᠳᠠᠯᠢ ᠴᠢᠨᠠᠷᠳᠠᠢ ᠪᠤᠯᠬᠤ ᠶᠢ ᠰᠢᠢᠳᠪᠤᠷᠢᠯᠡᠬᠦ᠂ ᠦᠢᠯᠡᠳᠪᠦᠷᠢᠯᠡᠯ ᠤᠨ ᠦᠯᠡᠭᠦᠦ ᠴᠢᠳᠠᠪᠦᠷᠢ ᠶᠢ ᠦᠭᠡᠶᠢᠰᠬᠡᠬᠦ  ᠂ ᠬᠠᠩᠭᠠᠯᠭ᠎ᠠ ᠶᠢᠨ ᠲᠠᠯ ᠎ᠠ ᠶᠢᠨ ᠦᠭᠡᠷᠡᠴᠢᠯᠡᠯᠲᠡ ᠶᠢ ᠠᠬᠢᠭᠤᠯᠬᠤ ᠪᠤᠰᠤᠳᠴᠢ ᠱᠠᠭᠠᠷᠳᠠᠯᠭ᠎ᠠ ᠪᠤᠯᠤᠨ᠎ᠠ᠃ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠢᠨ ᠢᠵᠢ ᠲᠦᠬᠦᠷᠵᠢᠬᠦᠯᠦᠭᠰᠡᠨ ᠲᠦᠷᠦ ᠶᠢᠨ ᠪᠤᠳᠤᠯᠭ᠎ᠠ ᠪᠠ ᠬᠡᠷᠡᠭᠵᠢᠭᠦᠯᠬᠦ ᠪᠤᠳᠠᠲᠠᠢ ᠲᠦᠰᠦᠯ ᠢ ᠨᠠᠷᠢᠨ ᠬᠢᠨᠠᠮᠠᠭᠠᠢ ᠰᠤᠳᠤᠯᠤᠨ ᠲᠤᠭᠳᠠᠭᠠᠵᠤ᠂ ᠬᠠᠷᠠᠯᠲᠠ ᠡᠭᠦᠷᠭᠡ ᠪᠠᠨ ᠴᠢᠨᠠᠭᠰᠢᠲᠠ ᠨᠠᠷᠢᠭᠵᠢᠭᠤᠯᠤᠨ ᠠᠵᠢᠯ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ᠠᠵᠢᠯ ᠤᠨ ᠬᠠᠨᠳᠤᠯᠠᠭᠠᠳᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠤ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠤᠷᠴᠢᠨ ᠲᠤᠭᠤᠷᠢᠨ ᠤ ᠠᠰᠠᠭᠤᠳᠠᠯ ᠢ ᠪᠦᠲᠦᠮᠵᠢᠲᠠᠢ ᠰᠢᠢᠳᠪᠤᠷᠢᠯᠡᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦ ᠳᠤ ᠰᠠᠶᠢᠨ ᠰᠠᠶᠢᠬᠠᠨ ᠨᠦᠬᠦᠴᠡᠯ ᠬᠠᠩᠭᠠᠬᠤ ᠬᠡᠷᠡᠭᠲᠡᠢ ᠬᠡᠪᠡ᠃ ᠬᠤᠷᠠᠯ ᠠᠴᠠ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠵᠠᠷᠤᠳᠠᠯ ᠤᠨ ᠡᠳ᠋ ᠤᠨ ᠵᠠᠰᠠᠭ ᠤᠨ ᠪᠠᠳᠤᠯᠠᠭ᠎ᠠ ᠵᠡᠷᠭᠡ ᠵᠦᠢᠯ ᠢ ᠰᠤᠳᠤᠯᠵᠤ᠂ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠲᠦᠢᠮᠡᠷ ᠢ ᠰᠡᠷᠭᠡᠶᠢᠯᠡᠬᠦ ᠲᠦᠷᠢᠮ ︵ᠵᠠᠰᠠᠪᠤᠷᠢ ᠤᠷᠤᠭᠤᠯᠤᠭᠰᠠᠨ ᠲᠦᠰᠦᠯ︶︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠰᠠᠨᠠᠭᠤᠯᠭ᠎ᠠ ︵ᠲᠦᠰᠦᠯ︶︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠰᠡᠭ ᠵᠠᠰᠠᠭ ᠤᠨ ᠤᠷᠳᠤᠨ ᠤ ᠲᠦᠷᠢᠮ ᠲᠤᠭᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ ︵ᠲᠦᠰᠦᠯ︶︾᠎ ᠢ ᠰᠤᠳᠤᠯᠬᠤ ᠶᠢᠨ ᠬᠠᠮᠳᠦ ᠵᠠᠷᠴᠢᠮ ᠳᠡᠭᠡᠷ᠎ᠠ ᠪᠠᠨ ᠪᠠᠳᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号