ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠯᠠᠨ ᠲᠦᠮᠡᠨ ᠤ | ᠪᠦᠯᠬᠦᠮ ᠤᠨ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ | ᠦᠢᠯᠡᠰ ᠤᠨ ᠨᠢᠭᠡᠴᠡ ︵ᠳᠣᠷᠣᠭᠰᠢ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠭᠡᠵᠦ ᠲᠤᠪᠴᠢᠯᠠᠨ᠎ᠠ︶ ᠶᠢᠨ | ᠠᠯᠪᠠᠲᠠᠨ ᠪᠠ ᠠᠵᠢᠯᠲᠠᠨ ᠢᠯᠡ ᠪᠠᠷ ᠰᠢᠯᠢᠨ ᠰᠣᠩᠭᠤᠬᠤ ᠠᠵᠢᠯ ᠢ ᠦᠷᠨᠢᠭᠦᠯᠬᠦ ᠪᠠᠷ ᠲᠤᠭᠲᠠᠭᠠᠪᠠ᠃ ᠲᠤᠰ | ᠤᠳᠠᠭᠠᠨ ᠤ ᠢᠯᠡ ᠪᠠᠷ ᠰᠢᠯᠢᠨ ᠰᠣᠩᠭᠤᠬᠤ ᠳᠤ ᠨᠡᠷ᠎ᠡ ᠮᠡᠳᠡᠭᠦᠯᠬᠦ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ | ᠬᠤᠪᠢ ᠬᠥᠮᠦᠨ ᠤ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠪᠠ ᠵᠣᠬᠢᠶᠠᠨ ᠪᠠᠶᠢᠭᠤᠯᠤᠯᠲᠠ ᠠᠴᠠ | ᠲᠠᠨᠢᠯᠴᠠᠭᠤᠯᠬᠤ ᠶᠢ ᠠᠪᠤᠨ᠎ᠠ᠂ 5 ᠳ᠋ᠤᠭᠠᠷ ᠰᠠᠷ᠎ᠠ ᠶᠢᠨ 30 ᠤ ᠡᠳᠦᠷ ᠤᠨ 9 ᠴᠠᠭ ᠠᠴᠠ 6 ᠳ᠋ᠤᠭᠠᠷ ᠰᠠᠷ᠎ᠠ ᠶᠢᠨ | 6 ᠤ ᠡᠳᠦᠷ ᠤᠨ 17 ᠴᠠᠭ ᠪᠣᠯᠲᠠᠯ᠎ᠠ ᠨᠡᠷ᠎ᠡ ᠮᠡᠳᠡᠭᠦᠯᠦᠨ᠎ᠡ᠃ | ᠲᠤᠰ ᠤᠳᠠᠭᠠᠨ ᠤ ᠢᠯᠡ ᠪᠠᠷ ᠰᠢᠯᠢᠨ ᠰᠣᠩᠭᠤᠬᠤ ᠲᠤᠰᠢᠶᠠᠯ ᠤᠨ ᠪᠠᠶᠢᠷᠢ ᠪᠤᠯ ᠡᠷᠬᠢᠯᠡᠭᠴᠢ ᠭᠡᠰᠢᠭᠦᠴᠢ | ᠪᠣᠯᠤᠨ ᠲᠡᠭᠦᠨ ᠠᠴᠠ ᠳᠣᠷᠣᠭᠰᠢᠬᠢ ᠲᠤᠰᠢᠶᠠᠯ ᠤᠨ ᠳᠡᠰ ᠤᠨ ᠪᠠᠶᠢᠷᠢ ᠪᠣᠯᠤᠨ᠎ᠠ᠃ ᠰᠢᠯᠭᠠᠭᠤᠯᠬᠤ ᠪᠠᠷ ᠨᠡᠷ᠎ᠡ | ᠮᠡᠳᠡᠭᠦᠯᠦᠭᠰᠡᠳ ᠨᠢ ᠡᠷᠬᠡᠪᠰᠢ ᠠᠶᠢᠮᠠᠭ ᠬᠤᠳᠠ ᠵᠢᠴᠢ ᠲᠡᠭᠦᠨ ᠠᠴᠠ ᠳᠣᠷᠣᠭᠰᠢᠬᠢ ᠪᠠᠶᠢᠭᠤᠯᠭ᠎ᠠ ᠳᠤ ᠨᠢᠭᠡᠨᠲᠡ | ᠠᠯᠪᠠᠲᠠᠨ ᠢᠶᠠᠷ ᠪᠦᠷᠢᠳᠬᠡᠨ ᠳᠠᠩᠰᠠᠯᠠᠭᠤᠯᠤᠭᠰᠠᠨ ᠮᠥᠷᠲᠡᠭᠡᠨ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ | ᠪᠠᠶᠢᠭ᠎ᠠ ᠠᠯᠪᠠᠲᠠᠨ ᠶᠤᠮ ᠪᠤᠯ᠂ ᠥᠪᠡᠷᠲᠡᠭᠡᠨ ᠵᠠᠰᠠᠬᠤ ᠣᠷᠣᠨ ᠤ ᠨᠠᠮ ᠤᠯᠠᠨ ᠲᠦᠮᠡᠨ ᠤ ᠪᠦᠯᠬᠦᠮ ᠤᠨ | ᠪᠠᠶᠢᠭᠤᠯᠭ᠎ᠠ ᠪᠠ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠳᠤ ᠰᠢᠯᠭᠠᠭᠤᠯᠬᠤ ᠪᠠᠷ ᠨᠡᠷ᠎ᠡ ᠮᠡᠳᠡᠭᠦᠯᠵᠦ ᠪᠤᠯᠤᠨ᠎ᠠ︔ | ᠠᠶᠢᠮᠠᠭ ᠬᠤᠳᠠ ᠵᠢᠴᠢ ᠲᠡᠭᠦᠨ ᠠᠴᠠ ᠳᠣᠷᠣᠭᠰᠢᠬᠢ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ | ᠨᠢᠭᠡᠴᠡ ᠳᠤ ᠨᠢᠭᠡᠨᠲᠡ ᠯᠠᠪᠯᠠᠯᠲᠠ ᠪᠣᠯᠭᠠᠨ ᠬᠠᠮᠢᠶᠠᠷᠬᠤ ᠳᠤ ᠪᠦᠷᠢᠳᠬᠡᠨ ᠳᠠᠰᠠᠯᠠᠭᠤᠯᠤᠭᠰᠠᠨ ᠪᠥᠭᠡᠳ ᠤᠷᠤᠨ ᠲᠤᠭ᠎ᠠ | ᠲᠠᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠪᠤᠯ ᠵᠥᠪᠬᠡᠨ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠳᠤ | ᠰᠢᠯᠭᠠᠭᠤᠯᠬᠤ ᠪᠠᠷ ᠨᠡᠷ᠎ᠡ ᠮᠡᠳᠡᠭᠦᠯᠵᠦ ᠪᠤᠯᠤᠨ᠎ᠠ᠃ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠡᠯ᠎ᠡ ᠰᠢᠯᠢᠨ | ᠰᠣᠩᠭᠤᠬᠤ ᠲᠤᠰᠢᠶᠠᠯ ᠤᠨ ᠪᠠᠶᠢᠷᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠪᠠ ᠰᠢᠯᠢᠨ ᠰᠤᠩᠭᠤᠬᠤ ᠪᠠᠷ | ᠲᠦᠯᠦᠪᠯᠡᠭᠰᠡᠨ ᠬᠥᠮᠦᠨ ᠤ ᠲᠣᠭᠠᠨ ᠤ ᠬᠠᠷᠢᠴᠠᠯ ᠨᠢ 5᠄1 ᠳᠤ ᠬᠦᠷᠪᠡᠯ ᠰᠠᠶ᠋ᠢ ᠰᠢᠯᠭᠠᠯᠲᠠ ᠬᠢᠵᠦ ᠪᠤᠯᠤᠨ᠎ᠠ᠃ | ᠲᠣᠭᠲᠠᠭᠠᠭᠰᠠᠨ ᠰᠢᠯᠭᠠᠯᠲᠠ ᠬᠢᠬᠦ ᠬᠠᠷᠢᠴᠠᠯ ᠳᠤ ᠬᠦᠷᠦᠭᠰᠡᠨ ᠦᠭᠡᠶ ᠪᠤᠯ ᠰᠢᠯᠢᠨ ᠰᠣᠩᠭᠤᠬᠤ ᠲᠤᠰᠢᠶᠠᠯ ᠤᠨ | ᠪᠠᠶᠢᠷᠢ ᠶᠢ ᠬᠦᠴᠦᠨ ᠦᠭᠡᠶ ᠪᠤᠯᠭᠠᠬᠤ ᠪᠤᠶᠤ ᠰᠢᠯᠢᠨ ᠰᠣᠩᠭᠤᠬᠤ ᠬᠥᠮᠦᠨ ᠤ ᠲᠤᠭ᠎ᠠ ᠶᠢ ᠵᠣᠬᠢᠴᠠᠩᠭᠤᠶ ᠪᠠᠷ ᠬᠢᠨᠠᠨ | ᠬᠠᠰᠤᠨ᠎ᠠ᠃ ᠰᠢᠯᠢᠨ ᠰᠣᠩᠭᠤᠬᠤ ᠲᠤᠰᠢᠶᠠᠯ ᠤᠨ ᠪᠠᠶᠢᠷᠢ ᠶᠢ ᠨᠢ ᠬᠦᠴᠦᠨ ᠦᠭᠡᠢ ᠪᠤᠯᠤᠭᠰᠠᠨ ᠰᠢᠯᠭᠠᠭᠤᠯᠬᠤ ᠪᠠᠷ | ᠨᠡᠷ᠎ᠡ ᠮᠡᠳᠡᠭᠦᠯᠦᠭᠰᠡᠳ 6 ᠳ᠋ᠤᠭᠠᠷ ᠰᠠᠷ᠎ᠠ ᠶᠢᠨ 9 ᠤ ᠡᠳᠦᠷ ᠤᠨ 12 ᠴᠠᠭ ~ 17 ᠴᠠᠭ ᠤᠨ ᠬᠤᠭᠤᠴᠠᠭᠠᠨ ᠳᠤ | ᠪᠤᠰᠤᠳ ᠲᠤᠰᠢᠶᠠᠯ ᠤᠨ ᠪᠠᠶᠢᠷᠢ ᠳᠤ ᠦᠭᠡᠷᠡᠴᠢᠯᠡᠨ ᠮᠡᠳᠡᠭᠦᠯᠵᠦ ᠪᠣᠯᠤᠨ᠎ᠠ᠃ ᠪᠤᠰᠤᠳ ᠲᠤᠰᠢᠶᠠᠯ ᠤᠨ ᠪᠠᠶᠢᠷᠢ ᠳᠤ | ᠦᠭᠡᠷᠡᠴᠢᠯᠡᠨ ᠮᠡᠳᠡᠭᠦᠯᠬᠦ ᠪᠠᠨ ᠲᠡᠪᠴᠢᠭᠰᠡᠨ ᠪᠤᠶᠤ ᠦᠭᠡᠷᠡᠴᠢᠯᠡᠨ ᠮᠡᠳᠡᠭᠦᠯᠦᠭᠰᠡᠨ ᠨᠢ ᠪᠦᠲᠦᠭᠰᠡᠨ ᠦᠭᠡᠢ ᠪᠤᠯ | ᠰᠦᠢᠳᠬᠡᠯ ᠢ ᠨᠢ ᠪᠤᠴᠠᠭᠠᠵᠤ ᠦᠭᠭᠦᠨ᠎ᠡ᠃ | 6 ᠳ᠋ᠤᠭᠠᠷ ᠰᠠᠷ᠎ᠠ ᠶᠢᠨ 18 ᠤ ᠡᠳᠦᠷ ᠤᠨ 9 ᠴᠠᠭ ~ 12 ᠴᠠᠭ ᠪᠣᠯᠲᠠᠯ᠎ᠠ ᠪᠢᠷ ᠰᠢᠯᠭᠠᠯᠲᠠ ᠬᠢᠨ᠎ᠡ᠃ | ᠰᠢᠯᠭᠠᠯᠲᠠ ᠶᠢᠨ ᠭᠠᠵᠠᠷ ᠢ ᠨᠢ ᠬᠥᠬᠡᠬᠤᠲᠠ ᠳᠤ ᠲᠤᠬᠢᠷᠠᠭᠤᠯᠪᠠ᠃ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠳ | ᠡᠷᠬᠡᠪᠰᠢ ᠲᠤᠰ ᠬᠦᠮᠦᠨ ᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ | ᠰᠢᠯᠭᠠᠭᠤᠯᠬᠤ ᠵᠦᠪᠰᠢᠶᠡᠷᠡᠯ ᠤᠨ ᠦᠨᠡᠮᠯᠡᠯ ᠢᠶᠠᠨ ᠠᠪᠴᠤ ᠪᠢᠷ ᠰᠢᠯᠭᠠᠯᠲᠠ ᠳᠤ ᠤᠷᠤᠯᠴᠠᠨ᠎ᠠ᠃ ᠪᠢᠷ | ᠰᠢᠯᠭᠠᠯᠲᠠ ᠶᠢᠨ ᠳᠠᠷᠠᠭ᠎ᠠ 10 ᠡᠳᠦᠷ ᠤᠨ ᠣᠷᠴᠢᠮ ᠢᠶᠠᠷ ᠰᠢᠯᠭᠠᠭᠤᠯᠤᠭᠰᠠᠳ ᠥᠪᠥᠷ ᠮᠣᠩᠭᠤᠯ ᠤᠨ ᠠᠵᠢᠯᠲᠠᠨ ᠤ | ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ︵http://www.impta. | com︶ ᠪᠢᠷ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠤᠯᠤᠨ᠎ᠠ᠃ | ᠨᠠᠷᠢᠨ ᠪᠠᠶᠢᠳᠠᠯ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶᠡᠨ ᠳᠤ ᠭᠠᠷᠴᠤ ᠪᠠᠶᠢᠴᠠᠭᠠᠨ ᠯᠠᠪᠯᠠᠭᠠᠷᠠᠢ᠃ |