ᠣᠶᠢᠷ᠎ᠠ ᠳᠤ᠂ ᠳᠥᠷᠪᠡᠳ ᠬᠤᠰᠢᠭᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠤᠶᠠᠷ ᠲᠦᠷᠦᠯ | ᠵᠦᠢᠯ ᠢ ᠣᠷᠤᠭᠤᠯᠤᠨ᠂ ᠴᠥᠮ ᠨᠡᠭᠡᠭᠡᠨ ᠬᠥᠭᠵᠢᠭᠦᠯᠬᠦ ᠬᠡᠯᠡᠯᠴᠡᠭᠡᠷ ᠤᠨ ᠪᠢᠴᠢᠭ ᠲᠣᠭᠲᠠᠵᠤ᠂ ᠣᠳᠣᠬᠠᠨ ᠳᠤ ᠶᠠᠭ | ᠬᠠᠮᠢᠶ᠎ᠠ ᠪᠥᠬᠦᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠢᠳᠡᠪᠬᠢᠲᠡᠢ ᠭᠦᠢᠴᠡᠳᠬᠡᠵᠦ ᠪᠠᠶᠢᠨ᠎ᠠ᠃ | ᠨᠢᠭᠡ ᠨᠢ ᠥᠪᠥᠷ ᠮᠤᠩᠬᠤᠯ ᠤᠨ ᠲᠢᠶᠠᠨ ᠳ᠋ᠢ ᠱᠧᠩ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢ | ᠣᠷᠤᠭᠤᠯᠤᠨ ᠳᠥᠷᠪᠡᠳ ᠬᠤᠰᠢᠭᠤᠨ ᠳᠤ ᠨᠡᠷᠡᠨ ᠤ ᠡᠨᠧᠷᠭᠢ ᠶᠢᠨ ᠭᠡᠷᠡᠯ ᠸᠣᠯᠲ ᠢᠶᠠᠷ ᠴᠠᠬᠢᠯᠭᠠᠨ ᠭᠠᠷᠭᠠᠬᠤ | ᠲᠦᠷᠦᠯ ᠵᠦᠢᠯ ᠢ ᠪᠦᠲᠦᠭᠡᠨ ᠪᠠᠶᠢᠭᠤᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 200MW᠂ ᠡᠭᠦᠨ ᠳᠤ | ᠨᠢᠭᠡᠳᠦᠭᠡᠷ ᠬᠤᠭᠤᠴᠠᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 100MW ᠪᠣᠯᠤᠨ᠎ᠠ᠃ ᠨᠦᠭᠦᠭᠡ ᠨᠢ | ᠰᠠᠨ ᠢ ᠬᠦᠨᠳᠦ ᠬᠡᠯᠪᠡᠷᠢ ᠶᠢᠨ ᠡᠨᠧᠷᠭᠢ ᠶᠢᠨ ᠲᠣᠨᠣᠭᠯᠠᠯ ᠤᠨ ᠬᠢᠵᠠᠭᠠᠷᠲᠤ ᠺᠣᠮᠫᠠᠨᠢ ᠶᠢ ᠣᠷᠤᠭᠤᠯᠤᠨ ᠳᠥᠷᠪᠡᠳ | ᠬᠤᠰᠢᠭᠤᠨ ᠤ ᠬᠢᠯᠢ ᠳᠣᠲᠣᠷ᠎ᠠ 2 ᠬᠡᠰᠡᠭ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠠᠯᠠᠪᠠᠢ ᠶᠢᠨ ᠲᠦᠷᠦᠯ | ᠵᠦᠢᠯ ᠢ ᠲᠦᠯᠦᠪᠵᠢᠭᠦᠯᠦᠨ ᠪᠠᠶᠢᠭᠤᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠲᠤᠰ ᠪᠦᠷᠢ 5 ᠲᠦᠮᠡᠨ | ᠺᠢᠯᠣᠸᠠᠲ᠂ ᠨᠡᠶᠢᠲᠡ 10 ᠲᠦᠮᠡᠨ ᠺᠢᠯᠣᠸᠠᠲ ᠪᠣᠯᠤᠨ᠎ᠠ᠃ ᠡᠨᠡ ᠬᠤᠶᠠᠷ ᠲᠥᠷᠥᠯ ᠵᠦᠢᠯ ᠨᠢ ᠳᠥᠷᠪᠡᠳ | ᠬᠤᠰᠢᠭᠤᠨ ᠤ ᠡᠯᠪᠡᠭ ᠪᠠᠶᠠᠯᠢᠭ ᠨᠡᠷᠡᠨ ᠡᠨᠧᠷᠭᠢ ᠶᠢᠨ ᠡᠬᠢ ᠰᠤᠷᠪᠤᠯᠵᠢ ᠶᠢ ᠤᠯᠠᠮ ᠨᠢᠭᠡ ᠠᠯᠬᠤᠮ ᠨᠡᠭᠡᠭᠡᠨ | ᠠᠰᠢᠭᠯᠠᠵᠤ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠪᠠ ᠡᠨᠧᠷᠭᠢ ᠶᠢᠨ ᠪᠦᠲᠦᠴᠡ ᠶᠢ | ᠰᠠᠶᠢᠵᠢᠷᠠᠭᠤᠯᠤᠨ᠂ ᠪᠤᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠵᠤ᠂ ᠣᠷᠣᠨ ᠨᠤᠲᠤᠭ ᠤᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠤᠨ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ | ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠪᠣᠯᠤᠨ᠎ᠠ᠃ |