ᠮᠠᠨᠵᠤᠤᠷ ᠬᠤᠲᠠ ᠶᠢᠨ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠦᠷ᠎ᠡ ᠪᠥᠲᠦᠭᠡᠯ ᠢᠶᠠᠷ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2016/5/4
     2015 ᠣᠨ ᠤ ᠮᠠᠨᠵᠤᠤᠷ ᠬᠤᠳᠠ ᠶᠢᠨ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢᠯᠡᠳᠲᠡ ᠠᠮᠵᠢᠯᠲᠠ ᠣᠯᠵᠤ᠂ ᠠᠯᠪᠠᠨ ᠠᠴᠠ ᠪᠠᠶᠢᠭᠤᠯᠤᠭᠰᠠᠨ ᠲᠠᠪᠤᠨ ᠡᠮᠨᠡᠯᠭᠡ ᠶᠢᠨ ᠬᠤᠷᠢᠶ᠎ᠠ 9 ᠳ᠋ᠤᠭᠡᠷ ᠰᠠᠷ᠎ᠠ ᠶᠢᠨ 15᠎ ᠤ ᠡᠳᠦᠷ ᠡᠮ ᠤᠨ ᠵᠦᠢᠯ ᠤᠨ ᠨᠡᠮᠡᠯᠲᠡ ᠦᠨ᠎ᠡ ᠶᠢ ᠠᠯᠪᠠᠨ ᠶᠣᠰᠣᠭᠠᠷ ᠬᠦᠴᠦᠨ ᠦᠭᠡᠶ ᠪᠣᠯᠭᠠᠵᠤ᠂ ᠡᠮ ᠢᠶᠠᠷ ᠡᠮᠴᠢᠯᠡᠭᠡ ᠶᠢ ᠨᠥᠬᠦᠪᠥᠷᠢᠯᠡᠬᠦ ᠲᠣᠭᠲᠠᠴᠠ ᠶᠢ ᠦᠭᠡᠶᠢᠰᠬᠡᠵᠦ᠂ ᠡᠮᠨᠡᠯᠭᠡ ᠶᠢᠨ ᠬᠤᠷᠢᠶ᠎ᠠ ᠶᠢᠨ ᠬᠤᠳᠠᠯᠳᠤᠨ ᠠᠪᠤᠭᠰᠠᠨ ᠬᠢᠲᠠᠳ ᠲᠡᠩ ᠡᠮ ᠠᠴᠠ ᠪᠣᠰᠤᠳ ᠡᠮ ᠢ ᠬᠤᠳᠠᠯᠳᠤᠨ ᠠᠪᠤᠭᠰᠠᠨ ᠦᠨ᠎ᠡ ᠶᠣᠰᠣᠭᠠᠷ ᠦᠨ᠎ᠡ ᠶᠢᠨ ᠵᠦᠷᠢᠶ᠎ᠡ ᠦᠭᠡᠢ ᠪᠠᠷ ᠪᠣᠷᠤᠯᠠᠭᠤᠯᠬᠤ ᠶᠢ ᠬᠡᠷᠡᠭᠵᠢᠭᠦᠯᠬᠦ ᠶᠢᠨ ᠬᠠᠮᠲᠤ ︽ᠮᠠᠨᠵᠤᠤᠷ ᠬᠤᠲᠠ ᠶᠢᠨ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠷᠢᠮ ᠤᠨ ᠬᠡᠷᠡᠭᠵᠢᠭᠦᠯᠬᠦ ᠲᠥᠰᠦᠯ︾᠎ ᠢ ᠨᠡᠶᠢᠲᠡᠯᠡᠵᠦ᠂ 2015 ᠣᠨ ᠤ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠤ ᠵᠠᠷᠤᠴᠠᠭᠤᠯᠤᠭᠰᠠᠨ ᠪᠦᠬᠦ ᠮᠥᠡᠭᠭᠦ ᠨᠢ 660 ᠲᠦᠮᠡᠨ ᠲᠥᠭᠦᠷᠢᠭ ᠬᠦᠷᠴᠦ᠂ 10659 ᠬᠥᠮᠦᠨ ᠠᠪᠤᠷᠠᠨ ᠲᠤᠰᠠᠯᠠᠭᠳᠠᠵᠤ᠂ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ᠂ ᠨᠠᠰᠤᠲᠠᠶᠢᠴᠤᠳ ᠤᠨ ᠪᠡᠶ᠎ᠡ ᠶᠢᠨ ᠪᠠᠶᠢᠴᠠᠭᠠᠯᠲᠠ ᠵᠡᠷᠭᠡ 12 ᠵᠦᠢᠯ ᠤᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ 2015 ᠣᠨ ᠤ ᠰᠡᠭᠦᠯᠴᠢ ᠪᠣᠯᠬᠤ ᠳᠤ᠂ ᠮᠠᠨᠵᠤᠤᠷ ᠬᠤᠲᠠ 194876 ᠬᠤᠪᠢ ᠡᠯᠧᠺᠲᠷᠣᠨ ᠳᠠᠩᠰᠠ ᠡᠪᠬᠡᠮᠡᠯ ᠪᠠᠶᠢᠭᠤᠯᠵᠤ᠂ ᠡᠯᠧᠺᠲᠷᠣᠨ ᠳᠠᠩᠰᠠ ᠡᠪᠬᠡᠮᠡᠯ ᠪᠠᠶᠢᠭᠤᠯᠤᠭᠰᠠᠨ ᠨᠤᠷᠮ᠎ᠠ ᠨᠢ 85%᠎ ᠳᠤ ᠬᠦᠷᠴᠦ᠂ ᠸᠠᠺᠼᠢᠨ ᠲᠠᠷᠢᠬᠤ ᠨᠠᠰᠤᠨ ᠤ ᠬᠡᠦᠬᠡᠳ ᠤᠨ ᠲᠠᠷᠢᠯᠭ᠎ᠠ ᠶᠢᠨ ᠨᠤᠷᠮ᠎ᠠ 99%᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠤᠷᠮ᠎ᠠ 67%᠎ ᠳᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号