ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠲᠤᠮᠤ ᠠᠵᠤ ᠠᠬᠤᠶᠢᠯᠠᠯ ᠪᠣᠯᠤᠨ ᠤᠯᠠᠨ ᠤᠯᠤᠰ ᠤᠨ ᠭᠠᠶᠢᠯᠢ ᠲᠠᠲᠠᠪᠤᠷᠢ ᠶᠢᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2016/5/4
     4 ᠳ᠋ᠦ᠋ᠭᠡᠷ ᠰᠠᠷ᠎ᠠ ᠶᠢᠨ 28 — 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠲᠤᠮᠤ ᠠᠵᠤ ᠠᠬᠤᠶᠢᠯᠠᠯ ᠪᠠ ᠤᠯᠠᠨ ᠤᠯᠤᠰ ᠤᠨ ᠭᠠᠶᠢᠯᠢ ᠲᠠᠲᠠᠪᠤᠷᠢ ᠶᠢᠨ ᠠᠵᠢᠯ ᠤᠨ ᠬᠤᠷᠠᠯ ᠢ ᠤᠷᠳᠤᠰ ᠬᠤᠳᠠ ᠳᠤ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠲᠠᠨ ᠾᠧᠩ᠂ ᠣᠷᠳᠣᠰ ᠬᠤᠲᠠ ᠶᠢᠨ ᠤᠯᠤᠰ ᠤᠨ ᠭᠠᠶᠢᠯᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠮᠢᠶᠣᠣ ᠹᠦ᠋ ᠴᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠲᠤᠮᠤ ᠠᠵᠤ ᠠᠬᠤᠶᠢᠯᠠᠯ ᠪᠣᠯᠤᠨ ᠣᠯᠠᠨ ᠤᠯᠤᠰ ᠤᠨ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠢᠦ ᠯᠢ ᠰᠢᠨ ᠵᠢᠴᠢ ᠪᠦᠬᠦ ᠣᠷᠣᠨ ᠤ 14 ᠠᠶᠢᠮᠠᠭ ᠬᠤᠳᠠ ᠶᠢᠨ ᠬᠤᠪᠢᠶᠠᠨ ᠬᠠᠮᠢᠶᠠᠷᠬᠤ ᠲᠣᠪᠴᠢᠶᠠᠨ ᠤᠳᠤᠷᠢᠳᠤᠯᠭ᠎ᠠ᠂ ᠰᠠᠯᠠᠭᠠᠨ ᠳᠠᠷᠤᠭ᠎ᠠ ᠨᠡᠶᠢᠲᠡ 45 ᠬᠥᠮᠦᠨ ᠬᠤᠷᠠᠯ ᠳᠤ ᠣᠷᠤᠯᠴᠠᠪᠠ᠃      ᠭᠠᠵᠠᠷ ᠤᠨ ᠳᠠᠷᠤᠭ᠎ᠠ ᠯᠢᠦ ᠯᠢ ᠰᠢᠨ ᠬᠤᠷᠠᠯ ᠡᠷᠭᠢᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠶᠢᠨ ︽ᠲᠣᠮᠣ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠ ᠬᠠᠮᠢᠶᠠᠷᠤᠯᠲᠠ ᠶᠢᠨ ᠲᠤᠷᠰᠢᠯᠲᠠ ᠬᠢᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠂ ︽ᠤᠯᠠᠨ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠲᠤᠷᠰᠢᠯᠲᠠ ᠬᠢᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠳᠤ ᠭᠦᠨ ᠭᠦᠨᠵᠡᠭᠡᠶ ᠲᠠᠶᠢᠯᠤᠮᠵᠢ ᠬᠢᠭᠰᠡᠨ ᠤ ᠬᠠᠮᠲᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠶ ᠲᠣᠬᠢᠷᠠᠭᠤᠯᠪᠠ᠃      ᠲᠠᠨ ᠲᠣᠪᠴᠢᠶᠠᠨ ᠳᠠᠷᠤᠭ᠎ᠠ ᠱᠠᠭᠠᠷᠳᠠᠭᠰᠠᠨ ᠨᠢ᠂ ᠬᠤᠶᠢᠰᠢᠳᠠ ᠶᠢᠨ ᠠᠵᠢᠯ ᠤᠨ ᠳᠤᠮᠳᠠ᠂ ᠨᠢᠭᠡ ᠳᠤ ᠲᠤᠷᠰᠢᠯᠲᠠ ᠶᠢᠨ ᠴᠢᠭ᠋ ᠤᠨ ᠨᠢᠭᠡᠴᠡ ᠵᠠᠷᠢᠮ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠳᠠᠭᠠᠨ ᠵᠢᠭᠠᠬᠠᠨ ᠲᠣᠬᠢᠷᠠᠭᠤᠯᠤᠯᠲᠠ ᠬᠢᠵᠦ᠂ ᠵᠣᠬᠢᠰᠲᠠᠶ ᠪᠠᠷ ᠠᠵᠢᠯᠲᠠᠳ ᠨᠡᠮᠡᠵᠦ ᠪᠣᠯᠤᠨ᠎ᠠ︔ ᠬᠤᠶᠠᠷ ᠲᠤ ᠤᠳᠤ ᠶᠢᠨ ᠲᠠᠲᠠᠪᠤᠷᠢᠯᠠᠨ ᠬᠠᠮᠢᠶᠠᠷᠬᠤ ᠠᠵᠢᠯ ᠤᠨ ᠡᠩᠨᠡᠭᠡᠨ ᠤ ᠬᠦᠮᠦᠵᠢᠯ ᠪᠣᠯᠪᠠᠰᠤᠷᠠᠭᠤᠯᠤᠯ ᠪᠠ ᠬᠡᠷᠡᠭᠯᠡᠭᠡᠨ ᠢᠶᠠᠨ ᠴᠢᠩᠭᠠᠳᠬᠠᠵᠤ᠂ ᠣᠳᠣᠬᠢ ᠪᠠᠶᠢᠭ᠎ᠠ ᠡᠩᠨᠡᠭᠡ᠂ ᠴᠢᠳᠠᠪᠤᠷᠢᠲᠠᠨ ᠳᠠᠭᠠᠨ ᠰᠠᠭᠤᠷᠢᠯᠠᠨ᠂ ᠪᠣᠯᠪᠠᠰᠤᠷᠠᠭᠤᠯᠤᠯ᠂ ᠵᠢᠯᠣᠭᠤᠳᠬᠤ ᠪᠠᠭᠰᠢ ᠶᠢᠨ ᠲᠥᠷᠢᠮ᠂ ᠤᠯᠠᠮᠵᠢᠯᠠᠨ ᠬᠠᠪᠰᠤᠷᠴᠤ ᠳᠠᠭᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠠᠵᠢᠯᠲᠠᠳ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ ᠨᠡᠩ ᠪᠦᠲᠦᠮᠵᠢᠲᠡᠶ ᠵᠠᠳᠠᠯᠤᠯᠲᠠ ᠶᠢᠨ ᠬᠤᠷᠴᠠ ᠵᠡᠪᠰᠡᠭ ᠢ ᠪᠣᠢ ᠪᠣᠯᠭᠠᠵᠤ᠂ ᠠᠶᠤᠯ ᠲᠦᠭᠰᠢᠭᠦᠷᠢ ᠶᠢᠨ ᠵᠠᠳᠠᠯᠤᠯᠲᠠ ᠶᠢᠨ ᠵᠠᠭᠪᠤᠷ᠂ ᠵᠥᠭᠡᠯᠡᠨ ᠲᠣᠨᠤᠭ ᠢ ᠪᠠᠶᠢᠭᠤᠯᠤᠨ᠂ ᠬᠢᠮᠡᠯ ᠤᠶᠤᠨ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ︔ ᠳᠥᠷᠪᠡ ᠳᠤ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠵᠡᠷᠭᠡ  ᠳᠤᠨᠢ ᠴᠢᠬᠤᠯᠠᠴᠢᠯᠠᠵᠤ᠂ ᠬᠠᠮᠢᠶᠠᠷᠤᠯᠲᠠ ᠪᠠᠨ ᠴᠢᠩᠭᠠᠳᠬᠠᠬᠤ ᠮᠥᠷᠲᠡᠭᠡᠨ ᠪᠠᠰᠠ ︽ᠭᠠᠳᠠᠭᠰᠢ ᠭᠠᠷᠬᠤ︾ ᠠᠵᠤ ᠠᠬᠤᠶᠢᠯᠠᠯ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠨ ᠲᠤᠰᠠᠯᠠᠬᠤ ᠬᠡᠷᠡᠭᠲᠡᠢ ᠭᠡᠪᠡ᠃      ᠲᠠᠨ ᠲᠣᠪᠴᠢᠶᠠᠨ ᠳᠠᠷᠤᠭ᠎ᠠ ᠴᠢᠬᠤᠯᠠᠴᠢᠯᠠᠭᠰᠠᠨ ᠨᠢ᠂ 2016 ᠣᠨ ᠪᠣᠯ ︽13· 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠮᠦᠨᠴᠦ ᠲᠥᠪ ᠤᠨ ︽ᠥᠭᠡᠷᠡᠴᠢᠯᠡᠯᠲᠡ ᠶᠢᠨ ᠲᠥᠰᠦᠯ︾ ᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢᠨ ᠡᠬᠢᠯᠡᠯᠲᠡ ᠶᠢᠨ ᠵᠢᠯ ᠮᠦᠨ᠂ ᠪᠠᠰᠠᠴᠤ ᠲᠤᠮᠤ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠰᠢᠪᠲᠤᠯᠤᠯᠲᠠ ᠪᠣᠯᠤᠨ ᠤᠯᠠᠨ ᠤᠯᠤᠰ ᠤᠨ ᠭᠠᠶᠢᠯᠢ ᠲᠠᠲᠠᠪᠤᠷᠢ ᠶᠢᠨ ᠳᠡᠰ ᠢ ᠳᠡᠪᠰᠢᠭᠦᠯᠬᠦ ᠶᠢᠨ ᠵᠠᠩᠭᠢᠯᠠᠭ᠎ᠠ ᠶᠢᠨ ᠵᠢᠯ ᠪᠣᠯᠤᠨ᠎ᠠ᠃ ᠡᠭᠦᠨ ᠤ ᠬᠠᠮᠲᠤ᠂ ᠡᠵᠡᠩᠨᠡᠯᠲᠡ ᠶᠢᠨ ᠭᠠᠶᠢᠯᠢ ᠶᠢ ᠨᠡᠮᠡᠭᠳᠡᠯ ᠥᠷᠲᠡᠭ ᠤᠨ ᠭᠠᠶᠢᠯᠢ ᠪᠣᠯᠭᠠᠨ ᠦᠭᠡᠷᠡᠴᠢᠯᠡᠬᠦ ᠠᠵᠢᠯ ᠤᠳᠠᠯ ᠦᠭᠡᠶ ᠲᠡᠭᠦᠰᠬᠦ ᠶᠢ ᠳᠠᠭᠠᠯᠳᠤᠨ᠂ ᠲᠤᠮᠤ ᠠᠵᠤ ᠠᠬᠤᠶᠢᠯᠠᠯ ᠪᠠ ᠣᠯᠠᠨ ᠤᠯᠤᠰ ᠤᠨ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠬᠤᠪᠢᠷᠠᠯᠲᠠ ᠠᠪᠴᠢᠷᠠᠬᠤ ᠲᠤᠯᠠ ᠡᠭᠦᠷᠭᠡ ᠬᠠᠲᠠᠭᠤ ᠪᠡᠷᠬᠡ ᠮᠦᠷᠲᠡᠭᠡᠨ ᠢᠷᠠᠭᠤ ᠠᠯᠳᠠᠷᠲᠠᠢ ᠪᠠᠶᠢᠨ᠎ᠠ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号