2016 ᠣᠨ ᠤ ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠤᠨ ᠶᠠᠷᠢᠯᠴᠠᠭᠠᠨ ᠤ ᠲᠠᠪᠴᠠᠩ ᠤᠨ ᠬᠤᠷᠠᠯ ᠥᠪᠥᠷ ᠮᠣᠩᠭᠤᠯ ᠳᠤ ᠶᠠᠪᠤᠭᠳᠠᠪᠠ
ᠨᠡᠶᠢᠲᠡᠯᠡᠭᠰᠡᠨ ᠴᠠᠭ᠄
2016/5/5
           ᠵᠢᠷᠤᠭ ᠪᠣᠯ ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠬᠠᠮᠲᠤᠪᠡᠷ ᠬᠥᠪᠴᠢ ᠡᠯᠡᠰᠦᠨ ᠳᠤ ᠮᠣᠳᠣ ᠳᠠᠷᠢᠵᠤ ᠪᠠᠶᠢᠭ᠎ᠠ ᠨᠢ᠃      2016 ᠣᠨ ᠤ ︵ᠭᠤᠷᠪᠠᠳᠤᠭᠠᠷ ᠬᠤᠭᠤᠴᠠᠭ᠎ᠠ︶ ︽ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠤᠨ ᠶᠠᠷᠢᠯᠴᠠᠭ᠎ᠠ︾᠎ ᠶᠢᠨ ᠶᠠᠷᠢᠶᠠᠨ ᠤ ᠲᠠᠪᠴᠠᠩ ᠤᠨ ᠬᠤᠷᠠᠯ 4᠎ ᠤ ᠡᠳᠦᠷ ᠥᠪᠥᠷ ᠮᠣᠩᠭᠤᠯ ᠤᠨ ᠬᠥᠪᠴᠢ ᠡᠯᠡᠰᠦᠨ ᠳᠤ ᠶᠠᠪᠤᠭᠳᠠᠪᠠ᠃ ᠳᠤᠮᠳᠠᠳᠤ᠂ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ᠂ ᠡᠨᠡᠳᠬᠡᠭ ᠵᠢᠴᠢ ᠡᠮᠦᠨᠡᠲᠦ ᠠᠽᠢ᠊‍ᠶ᠎ᠠ ᠶᠢᠨ ᠠᠰᠠᠭᠤᠳᠠᠯ ᠤᠨ ᠲᠤᠰᠬᠠᠶ ᠮᠡᠷᠭᠡᠵᠢᠯᠲᠡᠳ ᠡᠨᠡ ᠬᠤᠭᠤᠷᠤᠨᠳᠤᠬᠢ ᠬᠤᠶᠠᠷ ᠡᠲᠡᠭᠡᠳ ᠤᠨ ᠬᠠᠮᠲᠤᠪᠠᠷ ᠠᠩᠬᠠᠷᠴᠤ ᠪᠠᠶᠢᠭ᠎ᠠ ᠠᠰᠠᠭᠤᠳᠠᠯ ᠳᠤ ᠭᠦᠨᠵᠡᠭᠡᠶ ᠪᠠᠷ ᠰᠠᠨᠠᠯ ᠢᠶᠠᠨ ᠰᠣᠯᠢᠯᠴᠠᠨ ᠰᠣᠳᠤᠯᠤᠨ ᠶᠠᠷᠢᠯᠴᠠᠪᠠ᠃      4᠎ ᠤ ᠡᠳᠦᠷ ᠤᠨ ᠵᠠᠭᠤᠴᠢᠯᠠᠭᠤᠷ ᠤᠨ ᠶᠠᠷᠢᠯᠴᠠᠭᠠᠨ ᠤ ᠲᠠᠪᠴᠠᠩ ᠤᠨ ᠬᠤᠷᠠᠯ ᠳᠡᠭᠡᠷ᠎ᠡ᠂ ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠤᠨ ᠡᠷᠬᠢᠮ ᠵᠣᠴᠢᠳ ᠠᠴᠠ ︽ᠳᠤᠮᠳᠠᠳᠤ ᠡᠨᠡᠳᠬᠡᠭ ᠬᠤᠶᠠᠷ ᠤᠯᠤᠰ ᠰᠦᠷᠳᠡᠭᠦᠯᠦᠯ ᠢ ᠡᠰᠡᠷᠭᠦᠴᠡᠬᠦ ᠵᠡᠷᠭᠡ ᠠᠮᠤᠷ ᠲᠦᠪᠰᠢᠨ ᠤ ᠬᠦᠢᠷᠢᠶᠠᠨ ᠳᠠᠬᠢ ᠬᠠᠮᠲᠤᠷᠠᠯᠴᠠᠭ᠎ᠠ ᠪᠠᠨ ᠬᠡᠷᠬᠢᠨ ᠴᠢᠩᠭᠠᠳᠬᠠᠬᠤ︾᠂ ︽ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ — — ᠳᠤᠮᠳᠠᠳᠤ ᠡᠨᠡᠳᠬᠡᠭ ᠬᠤᠶᠠᠷ ᠤᠯᠤᠰ ᠤᠨ ᠶᠠᠳᠠᠭᠤ ᠶᠢ ᠡᠴᠦᠰᠯᠡᠭᠦᠯᠬᠦ ᠬᠢᠭᠡᠳ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠠᠯ᠎ᠠ ᠪᠠᠷ ᠬᠢ ᠬᠠᠮᠲᠤᠷᠠᠯᠴᠠᠭᠠᠨ ᠤ ᠲᠣᠬᠢᠶᠠᠯ︾᠂ ︽ᠪᠣᠬᠢᠷᠲᠤᠯ ᠦᠭᠡᠢ ᠪᠠᠶᠢᠯᠭᠠᠬᠤ ᠪᠣᠯ ᠤᠯᠤᠰ ᠤᠨ ᠬᠢᠯᠢ ᠬᠢᠵᠠᠭᠠᠷ ᠪᠠᠶᠢᠳᠠᠭ ᠦᠭᠡᠢ — — ︿ᠨᠢᠭᠡ ᠪᠦᠰᠡ ᠨᠢᠭᠡ ᠵᠠᠮ﹀᠎ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠳᠣᠣᠷᠠᠬᠢ ᠳᠤᠮᠳᠠᠳᠤ ᠡᠨᠡᠳᠬᠡᠭ ᠬᠤᠶᠠᠷ ᠤᠯᠤᠰ ᠤᠨ ᠪᠣᠬᠢᠷᠲᠤᠯ ᠦᠭᠡᠢ ᠬᠠᠮᠲᠤᠷᠠᠯᠴᠠᠭᠠᠨ ᠤ ᠲᠤᠬᠠᠶ ᠪᠠᠷᠠᠯᠠᠯ︾᠂ ︽ᠳᠤᠮᠳᠠᠳᠤ ᠡᠨᠡᠳᠬᠡᠭ ᠬᠤᠶᠠᠷ ᠤᠯᠤᠰ ᠤᠨ ᠰᠢᠨ᠎ᠡ ᠵᠠᠭᠤᠴᠢᠯᠠᠭᠤᠷ ᠤᠨ ᠬᠠᠮᠲᠤᠷᠠᠯᠴᠠᠭ᠎ᠠ︾ ᠵᠢᠴᠢ ︽ᠳᠤᠮᠳᠠᠳᠤ ᠡᠨᠡᠳᠬᠡᠭ ᠬᠤᠶᠠᠷ ᠤᠯᠤᠰ ᠤᠨ ᠤᠷᠤᠨ ᠨᠤᠲᠤᠭ ᠪᠠ ᠤᠯᠠᠨ ᠤᠯᠤᠰ ᠤᠨ ᠬᠡᠷᠡᠭ ᠶᠠᠪᠤᠳᠠᠯ ᠤᠨ ᠬᠠᠮᠲᠤᠷᠠᠯᠴᠠᠭ᠎ᠠ︾ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠶᠠᠷᠢᠯᠴᠠᠪᠠ᠃ ᠪᠥᠮᠪᠥᠷᠴᠡᠭ ᠤᠨ ᠴᠠᠭ ᠤᠨ ᠰᠣᠨᠢᠨ ᠤ ᠶᠡᠷᠦᠩᠬᠡᠶ ᠨᠠᠶᠢᠷᠠᠭᠤᠯᠤᠭᠴᠢ ᠬᠤ᠋ ᠰᠢ ᠶᠢᠨ᠂ ᠳᠤᠮᠳᠠᠳᠤ ᠤᠯᠤᠰ ᠤᠨ ᠡᠨᠡᠳᠬᠡᠭ ᠲᠤ ᠰᠠᠭᠤᠵᠤ ᠪᠠᠶᠢᠭᠰᠠᠨ ᠤᠤᠯ ᠤᠨ ᠡᠯᠴᠢᠨ ᠰᠠᠶᠢᠳ᠂ ᠭᠠᠳᠠᠭᠠᠳᠤ ᠬᠠᠷᠢᠯᠴᠠᠭᠠᠨ ᠤ ᠶᠠᠮᠤᠨ ᠤ ᠤᠤᠯ ᠤᠨ ᠥᠭᠦᠯᠡᠭᠴᠢ ᠰᠦᠨ ᠢᠤᠢ ᠰᠢ ᠵᠡᠷᠭᠡ ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠤᠨ ᠲᠦᠯᠦᠭᠡᠯᠡᠭᠴᠢ ᠵᠢᠴᠢ ᠡᠷᠳᠡᠮᠲᠡᠳ ᠬᠠᠮᠢᠶ᠎ᠠ ᠪᠦᠬᠦᠢ ᠭᠤᠣᠯ ᠰᠡᠳᠦᠪ ᠤᠨ ᠲᠠᠯ᠎ᠠ ᠪᠠᠷ ᠶᠠᠷᠢᠶ᠎ᠠ ᠲᠠᠯᠪᠢᠪᠠ᠃      ︽ᠠᠷᠠᠳ ᠤᠨ ᠡᠳᠦᠷ ᠤᠨ ᠰᠣᠨᠢᠨ︾᠂ ︽ᠪᠥᠮᠪᠥᠷᠴᠡᠭ ᠤᠨ ᠴᠠᠭ ᠤᠨ ᠰᠣᠨᠢᠨ︾᠂ ᠳᠤᠮᠳᠠᠳᠤ ᠤᠯᠤᠰ ᠤᠨ ᠣᠯᠠᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠰᠣᠨᠢᠨ ᠮᠡᠳᠡᠭᠡᠯᠡᠯ ᠤᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠶᠢᠨ ᠵᠠᠭᠤᠴᠢᠯᠠᠭᠤᠷ ᠤᠨ ᠬᠢᠨ ᠬᠦᠨᠳᠦᠲᠦ ᠵᠣᠴᠢᠨ ᠬᠢᠭᠡᠳ ︽ᠡᠨᠡᠳᠬᠡᠭ ᠤᠨ ᠲᠦᠷᠭᠡᠨ ᠮᠡᠳᠡᠭᠡ︾᠂NewsX ᠲᠧᠯᠸᠢᠰ ᠳᠠᠪᠲᠠᠮᠵᠢᠨ ᠴᠡᠨᠤᠯ᠂ ︽ᠬᠤᠳᠠᠯᠳᠤᠭᠠᠨ ᠤ ᠪᠠᠷᠢᠮᠵᠢᠶ᠎ᠠ ᠰᠣᠨᠢᠨ︾᠂ ᠡᠨᠡᠳᠬᠡᠭ ᠤᠨ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ ᠪᠠ TheWire ᠰᠣᠨᠢᠨ ᠮᠡᠳᠡᠭᠡᠨ ᠤ ᠰᠦᠯᠵᠢᠶ᠎ᠡ ᠶᠢᠨ ᠬᠦᠨᠳᠦᠲᠦ ᠵᠣᠴᠢᠳ ᠲᠤᠰ ᠤᠳᠠᠭᠠᠨ ᠤ ᠶᠠᠷᠢᠯᠴᠠᠭᠠᠨ ᠤ ᠲᠠᠪᠴᠠᠩ ᠳᠤ ᠣᠷᠤᠯᠴᠠᠪᠠ᠃      ︽ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠤᠨ ᠶᠠᠷᠢᠯᠴᠠᠭ᠎ᠠ︾᠎ ᠶᠢᠨ ᠲᠥᠷᠥᠯ ᠵᠦᠢᠯ ᠨᠢ 2013 ᠣᠨ ᠳᠤ ᠡᠬᠢᠯᠡᠨ᠂ ᠦᠩᠭᠡᠷᠡᠭᠰᠡᠨ ᠳᠤ ᠬᠤᠶᠠᠷ ᠬᠤᠭᠤᠴᠠᠭ᠎ᠠ ᠶᠠᠪᠤᠭᠳᠠᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠳᠤᠮᠳᠠᠳᠤ ᠡᠨᠡᠳᠬᠡᠭ ᠬᠤᠶᠠᠷ ᠤᠯᠤᠰ ᠤᠨ ᠬᠠᠷᠢᠴᠠᠭᠠᠨ ᠤ ᠭᠤᠣᠯᠳᠠᠯᠭᠠᠲᠤ ᠪᠠᠶᠢᠯᠳᠤᠬᠤ ᠪᠤᠳᠤᠯᠭ᠎ᠠ ᠶᠢᠨ ᠲᠦᠷᠦᠯ ᠵᠦᠢᠯ ᠪᠣᠯᠤᠭᠰᠠᠨ ᠶᠤᠮ᠃ 2013 ᠣᠨ ᠤ 8 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠪᠡᠭᠡᠵᠢᠩ ᠬᠤᠲᠠ ᠳᠤ ᠠᠩᠬᠠᠳᠤᠭᠠᠷ ᠬᠤᠭᠤᠴᠠᠭᠠᠨ ᠤ ᠶᠠᠷᠢᠯᠴᠠᠭᠠᠨ ᠤ ᠲᠠᠪᠴᠠᠩ ᠤᠨ ᠬᠤᠷᠠᠯ ᠬᠢᠵᠦ᠂ ᠬᠤᠶᠠᠳᠤᠭᠠᠷ ᠬᠤᠭᠤᠴᠠᠭ᠎ᠠ ᠨᠢ 2015 ᠣᠨ ᠤ 1 ᠳ᠋ᠦ᠋ᠭᠡᠷ ᠰᠠᠷ᠎ᠠ ᠳᠤ ᠡᠨᠡᠳᠬᠡᠭ ᠤᠨ ᠰᠢᠨ᠎ᠡ ᠳ᠋ᠤᠯᠢ ᠳᠤ ᠶᠠᠪᠤᠭᠳᠠᠪᠠ᠃      ᠲᠤᠰ ᠤᠳᠠᠭᠠᠨ ᠤ ᠶᠠᠷᠢᠶᠠᠨ ᠤ ᠲᠠᠪᠴᠠᠩ ᠢ ᠪᠥᠮᠪᠥᠷᠴᠡᠭ ᠤᠨ ᠴᠠᠭ ᠰᠣᠨᠢᠨ ᠤ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ︵GTF︶ ᠬᠢᠭᠡᠳ ᠡᠨᠡᠳᠬᠡᠭ ᠤᠨ ᠠᠵᠢᠭᠯᠠᠭᠴᠢᠳ ᠤᠨ ᠰᠠᠭᠤᠷᠢ ᠮᠥᠩᠭᠦᠨ ᠤ ᠨᠡᠶᠢᠭᠡᠮᠯᠢᠭ ︵ORF︶ ᠬᠠᠮᠲᠤᠪᠡᠷ ᠡᠬᠢᠯᠡᠭᠦᠯᠦᠨ ᠭᠤᠣᠯᠯᠠᠨ ᠡᠷᠭᠢᠯᠡᠵᠦ᠂ ᠢ ᠯᠢ ᠡᠬᠢ ᠪᠠᠶᠠᠯᠢᠭ ᠤᠨ ᠪᠦᠯᠦᠭᠯᠡᠯ ᠬᠠᠮᠵᠢᠨ ᠳᠡᠮᠵᠢᠭᠰᠡᠨ ᠶᠤᠮ᠃ ᠡᠮᠦᠨ᠎ᠡ ᠨᠢᠭᠡ ᠡᠳᠦᠷ᠂ ᠳᠤᠮᠳᠠᠳᠤ ᠡᠨᠡᠳᠬᠡᠭ ᠬᠤᠶᠠᠷ ᠤᠯᠤᠰ ᠤᠨ ᠵᠠᠭᠤᠴᠢᠯᠠᠭᠤᠷ ᠤᠨ ᠬᠢᠨ ᠪᠠᠰᠠ ᠬᠥᠪᠴᠢ ᠡᠯᠡᠰᠦ ᠶᠢ ᠵᠠᠰᠠᠭᠰᠠᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠡᠨᠡᠳᠬᠡᠭ ᠤᠨ ᠲᠠᠯ᠎ᠠ ᠶᠢᠨ ᠬᠢᠨ ᠤ ᠳᠤᠮᠳᠠᠳᠤ ᠤᠯᠤᠰ ᠤᠨ ᠲᠤᠬᠠᠶ ᠣᠶᠢᠯᠠᠭᠠᠯᠲᠠ ᠶᠢ ᠨᠡᠮᠡᠭᠳᠡᠭᠦᠯᠪᠡ᠂ ᠲᠤᠰ ᠤᠳᠠᠭᠠᠨ ᠤ ᠶᠠᠷᠢᠯᠴᠠᠭ᠎ᠠ ᠨᠢ ᠪᠠᠰᠠ ᠭᠦᠢᠶᠠᠩ ᠬᠤᠳᠠ ᠳᠤ ᠨᠦᠭᠦᠭᠡ ᠨᠢᠭᠡᠨ ᠬᠤᠪᠢᠶᠠᠷᠢ ᠶᠠᠷᠢᠯᠴᠠᠭᠠᠨ ᠤ ᠲᠠᠪᠴᠠᠩ ᠤᠨ ᠬᠤᠷᠠᠯ ᠬᠢᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号