| | | ᠪᠠᠶᠢᠴᠠᠭᠠᠨ ᠦᠵᠡᠵᠦ ᠪᠠᠶᠢᠭ᠎ᠠ ᠠᠬᠤᠢ ᠲᠠᠯᠠᠪᠠᠢ | | 5 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠣᠷᠣᠯᠠᠭᠴᠢ ᠲᠡᠷᠢᠭᠦᠯᠡᠭᠴᠢ ᠪᠦ᠋ ᠰᠢᠶᠤᠤ ᠯᠢᠨ᠂ ᠤᠯᠠᠭᠠᠨᠬᠠᠳᠠ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠢᠯᠢᠭᠬᠦᠦ᠂ ᠬᠠᠷᠠᠴᠢᠨ ᠬᠤᠰᠢᠭᠤ ᠶᠢᠨ ᠨᠠᠮ ᠤᠨ ᠬᠤᠷᠢᠶ᠎ᠠ ᠶᠢᠨ | ᠱᠦᠵᠢ ᠭᠤᠣ ᠰᠢ ᠬᠤᠸᠠ᠂ ᠬᠤᠰᠢᠭᠤᠨ ᠳᠠᠷᠤᠭ᠎ᠠ ᠵᠠᠩ ᠭᠦᠸᠧ ᠬᠤᠸᠠ ᠵᠡᠷᠭᠡ ᠤᠳᠤᠷᠢᠳᠤᠯᠭ᠎ᠠ ᠶᠢᠨ ᠪᠠᠷ᠎ᠠ | ᠪᠣᠯᠣᠯᠭ᠎ᠠ ᠲᠠᠢ ᠪᠠᠷ᠂ ᠬᠠᠷᠠᠴᠢᠨ ᠬᠤᠰᠢᠭᠤᠨ ᠤ ᠵᠢᠨᠱᠠᠨ ᠪᠠᠯᠭᠠᠰᠤ ᠶᠢᠨ ᠯᠦᠩᠱᠠᠨ ᠲᠣᠰᠬᠤᠨ ᠳᠤ ᠬᠦᠷᠴᠦ | ᠲᠣᠰᠬᠤᠨ ᠤ ᠳᠡᠰ ᠤᠨ ᠰᠣᠶᠣᠯ ᠤᠨ ᠥᠷᠥᠭᠡ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠦᠵᠡᠪᠡ᠃ | ᠪᠠᠶᠢᠴᠠᠭᠠᠯᠲᠠ ᠳᠤ᠂ ᠪᠦ᠋ ᠰᠢᠶᠤᠤ ᠯᠢᠨ᠂ ᠨᠣᠮ ᠪᠢᠴᠢᠭ ᠤᠨ ᠤᠩᠰᠢᠯᠭ᠎ᠠ ᠶᠢᠨ ᠲᠡᠰᠤᠬ᠂ ᠰᠢᠲᠠᠷ᠎ᠠ | ᠬᠥᠵᠥᠷ ᠤᠨ ᠲᠡᠰᠤᠬ᠂ ᠫᠢᠩᠫᠠᠩ ᠪᠥᠮᠪᠦᠭᠡ ᠶᠢᠨ ᠲᠡᠰᠤᠬ᠂ ᠥᠪᠡᠷᠮᠢᠴᠡ ᠤᠨᠴᠠᠯᠢᠬᠳᠤ ᠰᠣᠶᠣᠯ ᠤᠨ ᠳᠡᠯᠭᠡᠨ | ᠦᠵᠡᠭᠦᠯᠬᠦ ᠲᠡᠰᠤᠬ ᠢ ᠲᠣᠭᠤᠷᠢᠨ ᠦᠵᠡᠬᠦ ᠶᠢᠨ ᠬᠠᠮᠲᠤ ᠯᠦᠩᠱᠠᠨ ᠲᠣᠰᠬᠤᠨ ᠤ ᠨᠠᠮ ᠤᠨ ᠬᠤᠷᠢᠶ᠎ᠠ ᠶᠢᠨ ᠱᠦᠵᠢ | ᠶᠠᠩ ᠵᠧᠨ ᠭᠤᠸᠠᠩ ᠤᠨ ᠬᠢᠭᠰᠡᠨ ᠯᠦᠩᠱᠠᠨ ᠲᠣᠰᠬᠤᠨ ᠤ ᠰᠣᠶᠣᠯ ᠤᠨ ᠥᠷᠥᠭᠡ ᠶᠢᠨ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠦ᠋ ᠰᠢᠶᠤᠤ ᠯᠢᠨ᠂ ᠯᠦᠩᠱᠠᠨ | ᠲᠣᠰᠬᠤᠨ ᠤ ᠴᠡᠴᠡᠭ ᠬᠤᠸᠠᠷ ᠤᠨ ᠠᠵᠤ ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠲᠣᠭᠤᠷᠢᠨ ᠳᠤ | ᠴᠣᠭᠴᠠᠯᠠᠭᠰᠠᠨ ᠥᠪᠡᠷᠮᠢᠴᠡ ᠤᠨᠴᠠᠯᠢᠬᠳᠤ ᠰᠣᠶᠣᠯ ᠤᠨ ᠳᠡᠯᠭᠡᠨ ᠦᠵᠡᠭᠦᠯᠬᠦ ᠲᠡᠰᠤᠬ ᠵᠢᠴᠢ ᠭᠠᠵᠠᠷ ᠤᠨ ᠨᠡᠷ᠎ᠡ ᠶᠢᠨ | ᠣᠶᠢᠯᠠᠯᠭ᠎ᠠ ᠶᠢᠨ ᠰᠣᠶᠣᠯ ᠤᠨ ᠳᠡᠯᠭᠡᠨ ᠦᠵᠡᠭᠦᠯᠦᠯᠭᠡ ᠶᠢ ᠭᠦᠢᠴᠡᠳ ᠨᠤᠲᠠᠯᠠᠵᠤ᠂ ᠳᠡᠭᠡᠳᠦ ᠬᠡᠮᠵᠢᠶ᠎ᠡ ᠪᠠᠷ ᠦᠨᠡᠯᠡᠪᠡ | ᠃ | ᠣᠶᠢᠯᠠᠭᠠᠭᠰᠠᠨ ᠢᠶᠠᠷ᠂ ᠵᠢᠨᠱᠠᠨ ᠪᠠᠯᠭᠠᠰᠤ ᠨᠢ ᠲᠣᠰᠬᠤᠨ ᠤ ᠳᠡᠰ ᠤᠨ ᠰᠣᠶᠣᠯ ᠤᠨ ᠦᠷᠦᠭᠡ ᠶᠢᠨ | ᠪᠠᠶᠢᠭᠤᠯᠤᠯᠲᠠ ᠶᠢᠨ ᠲᠠᠯ᠎ᠠ ᠪᠠᠷ ᠬᠢ ︽ᠳᠦᠷᠢᠮᠵᠢᠯᠳᠦ ᠠᠵᠢᠯᠯᠠᠭ᠎ᠠ︾ ᠪᠠ ︽ᠰᠣᠩᠭᠤᠯᠲᠠ ᠶᠢᠨ ᠠᠵᠢᠯᠯᠠᠭ᠎ᠠ︾ ᠶᠢᠨ | ᠲᠤᠬᠠᠢ ᠬᠠᠷᠠᠴᠢᠨ ᠬᠤᠰᠢᠭᠤ ᠶᠢᠨ ᠰᠣᠶᠣᠯ ᠲᠠᠮᠢᠷ ᠷᠠᠳᠢᠣ᠋ ᠲᠧᠯᠸᠢᠰ ᠲᠣᠪᠴᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ | ᠶᠢ ᠴᠢᠩᠭ᠎ᠠ ᠵᠢᠷᠤᠮᠯᠠᠵᠤ᠂ ᠲᠣᠰᠬᠤᠨ ᠤ ᠳᠠᠰ ᠤᠨ ᠰᠣᠶᠣᠯ ᠤᠨ ᠥᠷᠥᠭᠡ ᠶᠢᠨ ᠳᠡᠯᠭᠡᠨ ᠦᠵᠡᠭᠦᠯᠬᠦ ᠴᠢᠳᠠᠮᠵᠢ ᠶᠢ | ᠥᠷᠭᠡᠳᠬᠡᠵᠦ᠂ ᠬᠥᠳᠡᠭᠡ ᠲᠣᠰᠬᠤᠨ ᠤ ᠰᠣᠶᠣᠯ ᠠᠴᠠ ᠠᠪᠤᠭᠠᠳ ᠠᠶᠢᠯ ᠲᠣᠰᠬᠤᠨ ᠤ ᠠᠵᠤ ᠦᠢᠯᠡᠰ ᠬᠦᠷᠲᠡᠯ᠎ᠡ | ᠳᠡᠯᠭᠡᠨ ᠦᠵᠡᠭᠦᠯᠵᠦ᠂ ︽ᠶᠠᠳᠠᠭᠤ ᠶᠢ ᠣᠨᠣᠴᠢᠲᠠᠶ ᠲᠡᠳᠬᠦᠬᠦ︾᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠶᠢ | ᠣᠷᠭᠠᠨᠢᠭ ᠢᠶᠠᠷ ᠤᠶᠠᠯᠳᠤᠭᠤᠯᠵᠤ᠂ ᠲᠣᠰᠬᠤᠨ ᠤ ᠳᠡᠰ ᠤᠨ ᠰᠣᠶᠣᠯ ᠤᠨ ᠥᠷᠥᠭᠡ ᠶᠢ ᠬᠥᠳᠡᠭᠡ ᠲᠣᠰᠬᠤᠨ ᠤ | ᠠᠷᠠᠳ ᠤᠨ ᠵᠠᠩ ᠦᠢᠯᠡ ᠂ ᠲᠡᠦᠬᠡ ᠰᠣᠶᠣᠯ᠂ ᠳᠦᠷᠰᠦ ᠪᠠᠶᠢᠳᠠᠯ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ | ᠵᠦᠢᠯ ᠤᠨ ᠰᠣᠶᠣᠯ ᠤᠨ ᠦᠢᠯᠡᠰ ᠤᠨ ᠳᠡᠯᠭᠡᠨ ᠦᠵᠡᠭᠦᠯᠬᠦ ᠲᠠᠪᠴᠠᠩ ᠪᠣᠯᠭᠠᠵᠤ᠂ ᠬᠠᠷᠠᠴᠢᠨ ᠬᠤᠰᠢᠭᠤ ᠶᠢᠨ | ᠣᠨᠴᠠᠯᠢᠭ ᠪᠦᠬᠦᠢ ᠰᠣᠶᠣᠯ ᠢ ᠠᠳᠠᠯᠢ ᠪᠤᠰᠤ ᠬᠠᠷᠠᠭᠠᠰᠤ ᠠᠳᠠᠯᠢ ᠪᠤᠰᠤ ᠡᠭᠦᠳᠡᠨ ᠠᠴᠠ ᠪᠦᠬᠦ ᠲᠠᠯ᠎ᠠ ᠪᠠᠷ ᠳᠡᠯᠭᠡᠨ | ᠦᠵᠡᠭᠦᠯᠵᠦ᠂ ᠣᠯᠠᠨ ᠲᠠᠯ᠎ᠠ ᠠᠴᠠ ᠲᠠᠶᠢᠯᠪᠤᠷᠢᠯᠠᠵᠠᠢ᠃ | | |