ᠥᠪᠥᠷ ᠮᠣᠩᠭᠤᠯ ᠤᠨ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠤᠭᠴᠢᠳ ᠮᠦᠨ ᠯᠠ ᠳᠡᠭᠡᠳᠦ ᠰᠤᠷᠭᠠᠭᠤᠯᠢ ᠶᠢᠨ ᠲᠤᠰᠬᠠᠶ ᠵᠦᠢᠯ ᠤᠨ ᠲᠥᠯᠥᠪᠯᠡᠭᠡ ᠳᠤ ᠡᠷᠡᠮᠡᠯᠵᠡᠯ ᠢᠶᠠᠨ ᠲᠠᠭᠯᠠᠵᠤ ᠮᠡᠳᠡᠭᠦᠯᠬᠦ ᠳᠣᠬᠢᠶᠠᠯ ᠲᠠᠢ
ᠨᠡᠶᠢᠲᠡᠯᠡᠭᠰᠡᠨ ᠴᠠᠭ᠄
2016/5/6
      ᠰᠤᠷᠭᠠᠨ ᠬᠥᠮᠦᠵᠢᠯ ᠤᠨ ᠶᠠᠮᠤᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 2016 ᠣᠨ ᠤ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠨᠤᠭᠤᠳ ᠤᠨ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠤᠷᠤᠭᠴᠢᠳ ᠢ ᠡᠯᠰᠡᠬᠦ ᠬᠠᠮᠢᠶ᠎ᠠ ᠪᠦᠬᠦᠢ ᠠᠵᠢᠯ ᠨᠢ ᠨᠢᠭᠡᠨᠲᠡ ᠡᠬᠢᠯᠡᠪᠡ᠂ ᠡᠭᠦᠨ ᠳᠤ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠵᠦᠢᠯ ᠤᠨ ᠲᠥᠯᠥᠪᠯᠡᠭᠡ ᠨᠢ ᠣᠳᠣᠬᠠᠨ ᠳᠤ ᠰᠤᠷᠭᠠᠨ ᠬᠥᠮᠦᠵᠢᠯ ᠤᠨ ᠶᠠᠮᠤᠨ ᠤ ᠭᠡᠷᠡᠯ ᠭᠢᠯᠪᠠᠭᠠᠲᠤ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠲᠠᠪᠴᠠᠩ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠨᠢᠭᠡᠨᠲᠡ ᠳᠠᠭᠤᠰᠪᠠ᠂ ᠭᠡᠪᠡᠴᠦ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠲᠠᠢ ᠪᠠᠶᠢᠲᠠᠯ᠎ᠠ ᠨᠡᠷ᠎ᠡ ᠪᠠᠨ ᠮᠡᠳᠡᠭᠦᠯᠦᠭᠡᠳᠦᠢ ᠵᠠᠷᠢᠮ ᠰᠤᠷᠤᠭᠴᠢᠳ ᠮᠦᠨᠬᠦ ᠶᠡᠭᠡ ᠰᠤᠷᠭᠠᠭᠤᠯᠢ ᠳᠤ ᠰᠢᠯᠭᠠᠭᠤᠯᠬᠤ ᠡᠷᠡᠮᠡᠯᠵᠡᠯ ᠢᠶᠠᠨ ᠲᠠᠭᠯᠠᠵᠤ ᠮᠡᠳᠡᠭᠦᠯᠬᠦ ᠦᠶ᠎ᠡ ᠳᠤ ᠤᠯᠤᠰ ᠤᠨ ᠲᠤᠰᠬᠠᠶ ᠵᠦᠢᠯ ᠤᠨ ᠲᠦᠯᠦᠪᠯᠡᠯᠭᠡ ᠪᠠ ᠣᠷᠣᠨ ᠨᠤᠲᠤᠭ ᠤᠨ ᠲᠤᠰᠬᠠᠶ ᠵᠦᠢᠯ ᠤᠨ ᠲᠥᠯᠥᠪᠯᠡᠭᠡ ᠶᠢᠨ ᠬᠦᠰᠡᠯ ᠢᠶᠠᠨ ᠲᠠᠭᠯᠠᠨ ᠮᠡᠳᠡᠭᠦᠯᠵᠦ ᠪᠣᠯᠤᠨ᠎ᠠ᠃ ᠤᠯᠤᠰ ᠤᠨ ᠲᠤᠰᠬᠠᠶ ᠵᠦᠢᠯ ᠤᠨ ᠲᠥᠯᠥᠪᠯᠡᠭᠡ ᠪᠣᠯ ᠲᠥᠪᠯᠡᠷᠡᠨ ᠵᠠᠯᠭᠠᠯᠳᠤᠭᠰᠠᠨ ᠣᠨᠴᠠᠭᠠᠶ ᠬᠦᠴᠢᠷᠳᠡᠯᠲᠡᠶ ᠰᠢᠶᠠᠨ᠂ ᠤᠯᠤᠰ ᠤᠨ ᠳᠡᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠤ ᠰᠤᠷᠤᠭᠴᠢ ᠶᠢ ᠬᠠᠨᠳᠤᠯᠭ᠎ᠠ ᠲᠠᠢ ᠪᠠᠷ ᠡᠯᠰᠡᠵᠦ᠂ ᠲᠥᠪ ᠤᠨ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠪᠠᠷ ᠭᠤᠣᠯ ᠪᠣᠯᠭᠠᠭᠰᠠᠨ ᠰᠤᠷᠭᠠᠭᠤᠯᠢ ᠡᠭᠦᠷᠭᠡᠯᠡᠨ᠂ 2016 ᠣᠨ ᠎ ᠳᠤ 6 ᠲᠦᠮᠡᠨ ᠰᠤᠷᠤᠭᠴᠢ ᠡᠯᠰᠡᠬᠦ ᠲᠥᠯᠥᠪᠯᠡᠭᠡ ᠲᠣᠬᠢᠷᠠᠭᠤᠯᠵᠤ᠂ 2015 ᠣᠨ ᠤ ᠬᠢ ᠠᠴᠠ 1 ᠲᠦᠮᠨ ᠨᠡᠮᠡᠭᠳᠡᠭᠦᠯᠪᠡ᠃ ᠤᠯᠤᠰ ᠠᠴᠠ ᠲᠣᠭᠲᠠᠭᠠᠭᠰᠠᠨ ᠮᠠᠨ ᠤ ᠣᠷᠣᠨ ᠤ ᠲᠥᠪᠯᠡᠷᠡᠨ ᠵᠠᠯᠭᠠᠯᠳᠤᠭᠰᠠᠨ ᠣᠨᠴᠠᠭᠠᠶ ᠬᠦᠴᠢᠷᠳᠡᠯᠲᠡᠶ ᠬᠤᠰᠢᠭᠤ ᠰᠢᠶᠠᠨ ᠨᠡᠶᠢᠲᠡ 8 ᠪᠠᠶᠢᠵᠤ᠂ ᠲᠤᠰ ᠪᠦᠷᠢ ᠷᠠᠰᠢᠶᠠᠨ ᠬᠤᠳᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠸᠠ ᠳ᠋ᠧ ᠰᠢᠶᠠᠨ᠂ ᠱᠠᠩᠳᠤ ᠰᠢᠶᠠᠨ᠂ ᠰᠢᠩ ᠾᠧ ᠰᠢᠶᠠᠨ ᠪᠣᠯᠤᠨ᠎ᠠ᠃ ᠤᠯᠤᠰ ᠠᠴᠠ ᠲᠣᠭᠲᠠᠭᠠᠭᠰᠠᠨ ᠮᠠᠨ ᠤ ᠣᠷᠣᠨ ᠤ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ᠰᠢᠶᠠᠨ ᠨᠡᠶᠢᠲᠡ 23 ᠪᠠᠶᠢᠵᠤ᠂ ᠮᠠᠨ ᠤ ᠬᠤᠲᠠ ᠶᠢᠨ ᠦᠴᠦᠸᠠᠨ ᠰᠢᠶᠠᠨ ᠪᠣᠯ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠡᠶᠢᠮᠦ ᠠᠴᠠ᠂ 2016 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ︔ ᠲᠤᠰ ᠬᠥᠮᠦᠨ ᠨᠢ ᠬᠡᠷᠡᠭᠵᠢᠭᠦᠯᠦᠯᠲᠡ ᠶᠢᠨ ᠣᠷᠣᠨ ᠪᠦᠰᠡ ᠶᠢᠨ ᠲᠤᠬᠠᠶ ᠶᠢᠨ ᠭᠠᠵᠠᠷ ᠤᠨ 3 ᠵᠢᠯ ᠠᠴᠠ ᠳᠡᠭᠡᠭᠰᠢᠬᠢ ᠡᠷᠦᠬᠡ ᠠᠮᠠ ᠶᠢᠨ ᠳᠠᠩᠰᠨ ᠲᠠᠢ ᠪᠠᠶᠢᠵᠤ ᠂ ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠷᠠᠭᠠᠯᠵᠠᠭᠴᠢ ᠨᠢ ᠲᠤᠬᠠᠶ ᠶᠢᠨ ᠭᠠᠵᠠᠷ ᠤᠨ ᠡᠷᠥᠭᠡ ᠠᠮᠠ ᠶᠢᠨ ᠳᠠᠩᠰᠠ ᠲᠠᠢ ᠪᠠᠶᠢᠬᠤ︔ ᠲᠤᠰ ᠬᠥᠮᠦᠨ ᠨᠢ ᠡᠷᠦᠬᠡ ᠠᠮᠠ ᠶᠢᠨ ᠳᠠᠩᠰᠠ ᠪᠠᠶᠢᠭ᠎ᠠ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠷᠪᠠᠨ ᠵᠢᠯ ᠳᠠᠷᠠᠭᠠᠯᠠᠨ ᠰᠤᠷᠤᠯᠴᠠᠭᠰᠠᠨ ᠳᠠᠩᠰᠠ ᠪᠠᠶᠢᠬᠤ ᠪᠥᠭᠡᠳ ᠪᠣᠳᠠᠲᠠᠶ ᠰᠤᠷᠤᠯᠴᠠᠵᠤ ᠪᠠᠶᠢᠭ᠎ᠠ ᠰᠤᠷᠤᠭᠴᠢᠳ ᠴᠥᠮ ᠨᠡᠷ᠎ᠡ ᠮᠡᠳᠡᠭᠦᠯᠬᠦ ᠬᠢᠷᠢ ᠭᠡᠮ ᠲᠠᠢ᠃ ᠣᠷᠣᠨ ᠨᠤᠲᠤᠭ ᠤᠨ ᠲᠤᠰᠬᠠᠶ ᠵᠦᠢᠯ ᠤᠨ ᠲᠥᠯᠥᠪᠯᠡᠭᠡ ᠪᠠᠷ ᠬᠥᠳᠡᠭᠡ ᠲᠣᠰᠬᠤᠨ ᠤ ᠰᠤᠷᠤᠭᠴᠢ ᠶᠢ ᠬᠠᠨᠳᠤᠯᠭ᠎ᠠ ᠲᠠᠢ ᠪᠠᠷ ᠡᠯᠰᠡᠬᠦ ᠶᠠᠪᠤᠳᠠᠯ ᠢ᠂ ᠮᠠᠨ ᠤ ᠣᠷᠣᠨ ᠤ ᠬᠠᠷᠢᠶ᠎ᠠ ᠪᠦᠬᠦᠢ ᠭᠤᠣᠯᠳᠠᠯᠭᠠᠲᠤ ᠶᠡᠭᠡ ᠳᠡᠭᠡᠳᠦ ᠰᠤᠷᠭᠠᠭᠤᠯᠢ ᠡᠭᠦᠷᠭᠡᠯᠡᠵᠦ᠂ ᠰᠤᠷᠤᠭᠴᠢ ᠡᠯᠰᠡᠬᠦ ᠲᠥᠯᠥᠪᠯᠡᠭᠡ ᠲᠣᠬᠢᠷᠠᠭᠤᠯᠬᠤ ᠳᠤ ᠵᠠᠷᠴᠢᠮ ᠳᠡᠭᠡᠷ᠎ᠡ ᠪᠠᠨ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠵᠢᠯ ᠤᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠬᠡᠪᠴᠢᠶᠡᠨ ᠤ 3%᠎ ᠠᠴᠠ ᠳᠤᠲᠠᠭᠤ ᠪᠠᠶᠢᠯᠭᠠᠬᠤ ᠦᠭᠡᠢ᠃ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠬᠥᠳᠡᠭᠡ ᠲᠣᠰᠬᠤᠨ ᠤ ᠰᠤᠷᠤᠭᠴᠢᠳ ᠪᠦᠷ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号