ᠤᠯᠤᠰ ᠤᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ︽ᠠᠶᠢᠽ | ᠡᠪᠡᠳᠴᠢᠨ᠂ ᠲᠡᠮᠪᠦᠦ ᠪᠤᠯᠤᠨ ᠡᠯᠢᠭᠡᠨ ᠤ ᠬᠦᠬᠡᠭᠴᠢᠨ ᠦᠷᠪᠢᠰᠦᠯ ᠡᠬᠡ ᠨᠢᠯᠬᠠᠰ ᠲᠤ ᠬᠠᠯᠳᠠᠪᠤᠷᠢᠯᠠᠬᠤ ᠶᠢ | ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ ︵2015 ᠣᠨ ᠤ ᠬᠡᠪᠯᠡᠯ︶︾ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠶᠢᠽ ᠡᠪᠡᠳᠴᠢᠨ᠂ ᠲᠡᠮᠪᠦᠦ ᠪᠤᠯᠤᠨ ᠡᠯᠢᠭᠡᠨ ᠤ ᠬᠦᠬᠡᠭᠴᠢᠨ | ᠦᠷᠪᠢᠰᠦᠯ ᠡᠬᠡ ᠨᠢᠯᠬᠠᠰ ᠲᠤ ᠬᠠᠯᠳᠠᠪᠤᠷᠢᠯᠠᠬᠤ ᠶᠢ ᠰᠡᠷᠭᠡᠶᠢᠯᠡᠬᠦ ᠠᠵᠢᠯ ᠤᠨ ᠶᠠᠰᠤ ᠴᠢᠨᠠᠷ ᠪᠠ ᠡᠬᠡ ᠨᠢᠯᠬᠠᠰ ᠤᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠲᠦᠷᠦᠯ ᠵᠦᠢᠯ ᠤᠨ ᠦᠢᠯᠡᠴᠢᠯᠡᠭᠡᠨ ᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠣᠷᠣᠨ ᠤ ᠬᠤᠳᠠ ᠬᠥᠳᠡᠭᠡ ᠶᠢᠨ ᠪᠤᠢ ᠪᠦᠬᠦᠢ ᠬᠤᠰᠢᠭᠤ | ᠰᠢᠶᠠᠨ ᠳᠤ ᠪᠦᠷᠬᠦᠬᠦᠯᠬᠦ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ᠂ 4 ᠳ᠋ᠤᠭᠡᠷ ᠰᠠᠷ᠎ᠠ ᠶᠢᠨ 22 ᠤᠨ ᠡᠳᠦᠷ᠂ | ᠥᠪᠥᠷ ᠮᠣᠩᠭᠤᠯ ᠠᠶᠢᠽ ᠡᠪᠡᠳᠴᠢᠨ᠂ ᠲᠡᠮᠪᠦᠦ ᠪᠤᠯᠤᠨ ᠡᠯᠢᠭᠡᠨ ᠤ ᠬᠦᠭᠡᠭᠴᠢᠨ ᠦᠷᠪᠢᠰᠦᠯ ᠡᠬᠡ ᠨᠢᠯᠬᠠᠰ ᠲᠤ | ᠬᠠᠯᠳᠠᠪᠤᠷᠢᠯᠠᠬᠤ ᠶᠢ ᠰᠡᠷᠭᠡᠶᠢᠯᠡᠬᠦ ᠲᠦᠷᠦᠯ ᠵᠦᠢᠯ ᠤᠨ ᠠᠵᠢᠯ ᠤᠨ ᠬᠤᠷᠠᠯ ᠬᠢᠪᠡ᠃ ᠪᠦᠬᠦ ᠣᠷᠣᠨ ᠤ ᠡᠯ᠎ᠡ ᠠᠶᠢᠮᠠᠭ | ᠬᠤᠳᠠ᠂ ᠬᠤᠰᠢᠭᠤ ᠰᠢᠶᠠᠨ ᠲᠣᠭᠤᠷᠢᠭ ᠠᠴᠠ ᠢᠷᠡᠭᠰᠡᠨ ᠡᠮᠨᠡᠯᠭᠡ ᠶᠢᠨ ᠠᠵᠢᠯᠲᠠᠳ ᠪᠠ ᠬᠠᠮᠢᠶᠠᠷᠤᠯᠲᠠ ᠶᠢᠨ | ᠠᠵᠢᠯᠲᠠᠳ ᠬᠤᠷᠠᠯ ᠳᠤ ᠤᠷᠤᠯᠴᠠᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠠᠶᠢᠮᠠᠭ ᠬᠤᠳᠠ ᠨᠤᠭᠤᠳ ︽ᠡᠬᠡ ᠨᠢᠯᠬᠠᠰ ᠤᠨ | ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠵᠢᠯᠣᠭᠤᠳᠬᠤ ᠪᠠ ᠦᠨᠡᠯᠡᠨ ᠵᠢᠱᠢᠬᠦ ᠭᠠᠷ ᠠᠪᠤᠯᠭ᠎ᠠ︾ ᠶᠢᠨ ᠦᠨᠡᠯᠡᠨ | ᠵᠢᠱᠢᠯᠲᠡ ᠶᠢᠨ ᠱᠠᠭᠠᠷᠳᠠᠯᠭ᠎ᠠ ᠶᠤᠰᠤᠭᠠᠷ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠲᠥᠷᠥᠯ ᠵᠦᠢᠯ ᠤᠨ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠬᠤ ᠬᠡᠷᠡᠭᠲᠡᠶ︔ ᠬᠤᠶᠠᠷ ᠲᠤ᠂ ᠲᠦᠷᠦᠯ ᠵᠦᠢᠯ ᠲᠠᠢ | ᠬᠤᠰᠢᠭᠤ ᠰᠢᠶᠠᠨ ᠢ ᠱᠠᠳᠤ ᠳᠠᠷᠠᠭᠠᠯᠠᠨ ᠪᠣᠯᠪᠠᠰᠤᠷᠠᠭᠤᠯᠬᠤ ᠶᠢ ᠴᠢᠩᠭᠠᠳᠬᠠᠵᠤ᠂ ᠠᠵᠢᠯ ᠢᠶᠠᠨ ᠪᠦᠬᠦ ᠲᠠᠯ᠎ᠠ ᠪᠠᠷ | ᠦᠷᠨᠢᠬᠦᠯᠬᠦ ᠬᠡᠷᠡᠭᠲᠠᠢ︔ ᠭᠤᠷᠪᠠ ᠳᠤ᠂ ᠡᠯ᠎ᠡ ᠭᠠᠵᠠᠷ ᠣᠷᠣᠨ ᠤ ᠡᠭᠡ ᠨᠢᠯᠬᠠᠰ ᠢ ᠬᠢᠨᠠᠨ ᠬᠡᠮᠵᠢᠬᠦ ᠬᠢᠷᠢ | ᠬᠡᠮᠵᠢᠶ᠎ᠡ ᠪᠠᠨ ᠳᠡᠭᠡᠭᠰᠢᠯᠡᠭᠦᠯᠵᠦ᠂ ᠠᠵᠢᠯ ᠤᠨ ᠤᠷ᠎ᠠ ᠴᠢᠳᠠᠪᠤᠷᠢ ᠪᠠᠨ ᠵᠢᠷᠤᠮᠵᠢᠭᠤᠯᠵᠤ᠂ ᠬᠢᠨᠠᠯᠲᠠ ᠲᠠᠯᠪᠢᠵᠤ ᠵᠢᠭᠠᠨ | ᠵᠢᠯᠣᠭᠤᠳᠬᠤ ᠪᠠᠨ ᠴᠢᠩᠭᠠᠳᠬᠠᠵᠤ᠂ ᠲᠥᠷᠥᠯ ᠵᠦᠢᠯ ᠢ ᠡᠮᠴᠢᠯᠡᠭᠡᠨ ᠤ ᠠᠵᠢᠯ ᠲᠠᠢ ᠨᠢᠭᠲᠠ ᠤᠶᠠᠯᠳᠤᠭᠤᠯᠤᠨ᠂ | ᠮᠠᠨ ᠤ ᠣᠷᠣᠨ ᠤ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ ᠵᠢᠴᠢ ᠨᠢᠷᠠᠶ ᠬᠡᠦᠬᠡᠳ ᠤᠨ ᠦᠬᠦᠯ ᠤᠨ ᠨᠤᠷᠮ᠎ᠠ ᠶᠢ | ᠤᠯᠠᠮ ᠨᠢᠭᠡ ᠠᠯᠬᠤᠮ ᠳᠤᠷᠤᠭᠰᠢᠯᠠᠭᠤᠯᠬᠤ ᠬᠡᠷᠡᠭᠲᠠᠢ ᠭᠡᠪᠡ᠃ |