ᠷᠧᠨ ᠶᠠ ᠫᠢᠩ ᠤᠯᠤᠰ ᠲᠦᠷᠦ ᠶᠢᠨ ᠵᠦᠪᠯᠡᠯᠭᠡᠨ ᠤ ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠪᠤᠯᠤᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2016/5/9
     5 ᠳ᠋ᠤᠭᠠᠷ ᠰᠠᠷ᠎ᠠ ᠶᠢᠨ 4᠎ ᠠᠴᠠ 5᠎ ᠤ ᠡᠳᠦᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠲᠡᠷᠢᠬᠦᠯᠡᠭᠴᠢ ᠷᠧᠨ ᠶᠠ ᠫᠢᠩ ᠤᠷᠢᠳ ᠬᠤᠵᠢᠳ ᠬᠦᠬᠡᠬᠤᠲᠠ ᠪᠠ ᠪᠤᠭᠤᠲᠤ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠳᠤ ᠬᠦᠷᠴᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠨᠠᠮ ᠤᠨ ᠲᠦᠪ ᠬᠤᠷᠢᠶ᠎ᠠ ᠪᠠ ᠦᠪᠡᠷᠲᠡᠭᠡᠨ ᠵᠠᠰᠬᠤ ᠤᠷᠤᠨ ᠤ ᠨᠠᠮ ᠤᠨ ᠬᠤᠷᠢᠶ᠎ᠠ ᠶᠢᠨ ᠰᠠᠨᠠᠯ ᠢ ᠲᠤᠤᠱᠯᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ ᠲᠤᠰ ᠬᠤᠶᠠᠷ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠵᠢᠭᠠᠨ ᠵᠢᠯᠤᠭᠤᠳᠪᠠ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠢᠢᠯᠠᠩ ᠤᠨ ᠳᠡᠳ᠋ ᠱᠦᠵᠢ᠂ ᠳᠡᠳ᠋ ᠲᠡᠷᠢᠬᠦᠯᠡᠭᠴᠢ ᠴᠧᠨ ᠢᠥᠢ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠠ᠃      ᠷᠧᠨ ᠶᠠ ᠫᠢᠩ ᠬᠦᠬᠡᠬᠤᠲᠠ ᠪᠠ ᠪᠤᠭᠤᠲᠤ ᠬᠤᠲᠠ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠵᠦᠪᠯᠡᠬᠦ ᠠᠷᠠᠳᠴᠢᠯᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠠᠨᠠᠯ ᠢ ᠲᠤᠤᠱᠯᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠦᠢᠴᠡᠳ ᠨᠤᠳᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠨᠡᠶᠢᠭᠡᠮ ᠵᠢᠷᠦᠮ ᠤᠨ ᠵᠦᠪᠯᠡᠬᠦ ᠠᠷᠠᠳᠴᠢᠯᠠᠯ ᠪᠤᠯᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠭᠤᠷᠢᠨ ᠳᠤ ᠮᠠᠰᠢ ᠤᠯᠠᠨ ᠰᠢᠨ᠎ᠡ ᠨᠤᠲᠠᠯᠠᠯᠲᠠ᠂ ᠰᠢᠨ᠎ᠡ ᠱᠠᠭᠠᠷᠳᠠᠯᠭ᠎ᠠ ᠲᠤᠷᠠᠳᠴᠠᠢ᠃ ᠨᠢᠳᠤᠨᠤᠨ ᠨᠠᠮ ᠤᠨ ᠲᠦᠪ ᠬᠤᠷᠢᠶ᠎ᠠ ᠠᠴᠠ ᠨᠡᠶᠢᠭᠡᠮ ᠵᠢᠷᠤᠮ ᠤᠨ ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠪᠤᠯᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠵᠦᠪᠯᠡᠯᠬᠦ ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠢ ᠨᠡᠶᠢᠲᠡᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠴᠠᠭ ᠲᠤᠬᠠᠢ ᠳᠤᠨᠢ ᠬᠡᠷᠡᠭᠵᠢᠬᠦᠯᠬᠦ ᠰᠠᠨᠠᠯ ᠪᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠨᠡᠶᠢᠲᠡᠯᠡᠵᠦ᠂ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ ᠠᠷᠭ᠎ᠠ ᠠᠪᠴᠠᠯ ᠢᠶᠠᠨ ᠰᠢᠨᠡᠴᠢᠯᠠᠵᠦ᠂ ᠰᠢᠨ᠎ᠡ ᠪᠠᠶᠢᠳᠠᠯ ᠳᠤᠤᠷ᠎ᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠤᠨ ᠬᠦᠭᠵᠢᠯᠲᠠ ᠳᠤ ᠰᠢᠨᠵᠢᠯᠡᠬᠦ ᠤᠬᠠᠭᠠᠨᠴᠢ ᠵᠦᠭᠯᠡᠬᠦᠷ ᠪᠤᠯᠤᠨ ᠦᠨᠳᠦᠰᠦᠨ ᠵᠢᠷᠤᠮᠯᠠᠯ ᠬᠠᠨᠭ᠍ᠭᠠᠵᠤ ᠦᠭᠬᠦᠭᠰᠡᠨ ᠪᠠᠶᠢᠨ᠎ᠠ ᠭᠡᠪᠠ᠃      ᠷᠧᠨ ᠶᠠ ᠫᠢᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠵᠦᠪᠯᠡᠬᠦ ᠠᠷᠠᠳᠴᠢᠯᠠᠯ ᠪᠤᠯᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠨᠤᠭᠤᠳ ᠪᠤᠯᠤᠨ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠪᠡᠨ ᠪᠢᠴᠢᠭ ᠮᠠᠲ᠋ᠧᠷᠢᠶᠠᠯ ᠪᠤᠯ ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠵᠢᠯᠲᠠᠨ ᠤ ᠵᠠᠪᠠᠯ ᠤᠡᠭᠰᠢᠬᠤ ᠨᠤᠮ ᠪᠠᠶᠢᠵᠦ᠂ ᠵᠤᠷᠢᠭ ᠰᠠᠨᠠᠭᠠᠨ ᠤ ᠮᠦᠨ ᠴᠢᠨᠠᠷ ᠢ ᠬᠦᠨᠵᠡᠭᠡᠢ ᠤᠢᠢᠯᠠᠭᠠᠵᠤ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ᠂ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ ᠴᠢᠬᠤᠯᠠ ᠶᠠᠷᠢᠶ᠎ᠠ ᠨᠤᠭᠤᠳ ᠪᠠ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠠᠵᠠ ᠲᠤᠬᠢᠶᠠᠯ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠤᠯᠤᠨ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠤᠨ ᠲᠤᠭᠤᠷᠢᠨ ᠳᠤ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠬᠠᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭᠵᠢᠯᠲᠡ ᠲᠤᠬᠲᠠᠭᠤᠨ ᠢ ᠠᠬᠢᠭᠤᠯᠬᠤ ᠳᠤ ᠠᠷᠭ᠎ᠠ ᠤᠬᠠᠭᠠᠨ ᠭᠠᠷᠭᠠᠨ ᠦᠭᠴᠤ᠂ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠬᠡᠨ ᠤ ᠵᠤᠬᠢᠶᠠᠨ ᠪᠠᠶᠢᠭᠤᠯᠤᠯᠲᠠ᠂ ᠪᠤᠯᠪᠠᠰᠤᠷᠠᠩᠭᠤᠢ ᠲᠤᠷᠰᠢᠯᠭ᠎ᠠ ᠪᠤᠯᠤᠨ ᠰᠠᠶᠢᠨ ᠠᠷᠭ᠎ᠠ ᠬᠢᠳᠡᠯ ᠢᠶᠠᠨ ᠬᠢᠨᠠᠮᠠᠭᠠᠢ ᠳ᠋ᠦᠡᠭᠨᠡᠵᠤ᠂ ᠲᠦᠷᠢᠮᠵᠢᠭᠰᠡᠨ ᠪᠢᠴᠢᠭ ᠮᠠᠲ᠋ᠧᠷᠢᠶᠠᠯ ᠪᠤᠯᠤᠨ ᠲᠦᠷᠢᠮ ᠲᠤᠭᠲᠠᠭᠠᠯ ᠪᠤᠯᠭᠠᠨ ᠡᠮᠬᠢᠳᠭᠡᠵᠦ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠵᠦᠪᠯᠡᠬᠦ ᠠᠷᠠᠳᠴᠢᠯᠠᠯ ᠤᠨ ᠪᠠᠶᠢᠭᠤᠯᠤᠯᠳᠠ ᠳᠤ ᠲᠠᠰᠤᠷᠠᠯᠳᠠ ᠦᠭᠡᠢ ᠰᠢᠨ᠎ᠠ ᠲᠠᠪᠰᠢᠯᠳᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠪᠠ᠃      ᠷᠧᠨ ᠶᠠ ᠫᠢᠩ ᠵᠢᠭᠠᠵᠤ ᠭᠠᠷᠭᠠᠭᠰᠠᠨ ᠨᠢ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠦᠷᠨᠢᠬᠦᠯᠬᠦ ᠪᠤᠯ ᠨᠠᠮ ᠤᠨ ᠲᠦᠪ ᠬᠤᠷᠢᠶ᠎ᠠ ᠶᠢᠨ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠳᠤᠲᠤᠭᠠᠳᠤ ᠶᠢᠨ ᠬᠦᠮᠦᠵᠢᠯ ᠢ ᠬᠦᠨᠵᠡᠭᠡᠶᠢᠷᠡᠬᠦᠯᠬᠦ᠂ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠪᠠᠶᠢᠷᠢᠯᠠᠭᠤᠯᠤᠯᠲᠠ ᠪᠤᠯᠬᠤ ᠪᠦᠭᠡᠳ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠢ ︽ᠵᠠᠩᠬᠢᠯᠠᠭ᠎ᠠ ᠶᠢᠨ ᠴᠦᠭᠡᠨ ᠲᠤᠭᠠᠨ ᠤ ᠨᠠᠮ ᠤᠨ ᠭᠡᠰᠢᠬᠦᠨ︾᠎ ᠠᠴᠠ ᠦᠷᠭᠡᠨ ᠤᠯᠠᠨ ᠨᠠᠮ ᠤᠨ ᠭᠡᠰᠢᠬᠦᠨ ᠲᠠᠰᠢ ᠦᠷᠬᠦᠯᠵᠢᠯᠡᠬᠦᠯᠵᠤ᠂ ᠲᠦᠪᠯᠡᠷᠡᠬᠦᠯᠦᠭᠰᠡᠨ ᠴᠢᠨᠠᠷᠲᠠᠢ ᠬᠦᠮᠦᠵᠢᠯ ᠠᠴᠠ ᠪᠠᠶᠢᠩᠭᠤᠵᠢᠭᠤᠯᠤᠭᠰᠠᠨ ᠬᠦᠮᠦᠵᠢᠯ ᠪᠤᠯᠭᠠᠬᠤ ᠶᠢ ᠠᠬᠢᠭᠤᠯᠬᠤ ᠴᠢᠬᠤᠯᠠ ᠠᠷᠭ᠎ᠠ ᠬᠢᠳᠠᠯ ᠪᠤᠯᠤᠨ᠎ᠠ᠃ ᠤᠯᠤᠰ ᠲᠦᠷᠦ ᠶᠢᠨ ᠵᠦᠪᠯᠡᠯᠬᠡᠨ ᠤ ᠦᠷᠭᠡᠨ ᠤᠯᠠᠨ ᠨᠠᠮ ᠤᠨ ᠬᠡᠰᠢᠬᠦᠨ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠲᠡᠭᠡᠭᠰᠢᠯᠡᠬᠦᠯᠵᠤ᠂ ᠦᠵᠡᠯ ᠰᠠᠨᠠᠭ᠎ᠠ ᠤᠯᠤᠰ ᠲᠦᠷᠦ ᠪᠠ ᠤᠢᠢᠯᠠ ᠠᠵᠢᠯᠯᠠᠭ᠎ᠠ ᠶᠢᠨ ᠲᠠᠯ᠎ᠠ ᠪᠠᠷ ᠢᠮᠠᠬᠲᠠ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ ᠨᠢᠭᠡᠲᠦᠯᠲᠡᠢ ᠪᠠᠶᠢᠬᠤ ᠶᠢ ᠪᠠᠷᠢᠮᠳᠠᠯᠠᠬᠤ ᠬᠡᠷᠡᠭᠲᠡᠢ᠃ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠵᠤᠬᠢᠶᠠᠨ ᠪᠠᠶᠢᠭᠤᠯᠤᠯᠲᠠ ᠵᠠᠪᠠᠯ ᠦᠵᠡᠯᠳᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠬᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠦᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠦ᠂ ᠤᠷᠤᠰᠢᠵᠦ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠢ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠭᠠᠨ ᠬᠦᠮᠦᠵᠢᠬᠦᠯᠵᠤ᠂ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠨᠠᠮ ᠤᠨ ᠭᠡᠰᠢᠬᠦᠨ ᠺᠠᠳ᠋ᠷᠴᠤᠳ ᠤᠨ ᠡᠩᠨᠡᠭᠡ ᠶᠢᠨ ᠪᠦᠬᠦ᠋ᠢᠯᠡ ᠴᠤᠬᠴᠠ ᠶᠢᠨ ᠬᠡᠪ ᠪᠤᠯᠪᠠᠰᠤᠷᠠᠯ ᠢ ᠳᠡᠭᠡᠭᠰᠢᠯᠡᠬᠦᠯᠦᠨ᠂ ᠪᠠᠶᠢᠭᠤᠯᠭ᠎ᠠ ᠶᠢᠨ ᠪᠦᠲᠦᠬᠡᠨ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠦ᠂ ᠠᠵᠢᠯ ᠤᠨ ᠰᠤᠷᠲᠠᠯ ᠢᠶᠠᠨ ᠲᠠᠰᠤᠷᠠᠯᠳᠠ ᠦᠭᠡᠢ ᠬᠠᠯᠠᠨ ᠰᠠᠶᠢᠵᠢᠷᠠᠭᠤᠯᠵᠦ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠦᠢᠯᠡᠰ ᠤᠨ ᠬᠦᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号