ᠦᠬᠠᠶ ᠬᠤᠳᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠳᠤᠯᠠᠭᠠᠯᠭ᠎ᠠ ᠶᠢᠨ ᠬᠤᠭᠤᠴᠠᠭᠠᠨ ᠳᠤ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠠᠵᠢᠯ ᠠᠯᠳᠠᠭᠰᠠᠳ ᠲᠤ ᠰᠠᠷ᠎ᠠ ᠪᠦᠷᠢ ᠪᠠᠷ ᠡᠪᠦᠯ ᠤᠨ ᠤᠯᠠᠷᠢᠯ ᠤᠨ | ᠳᠤᠯᠠᠭᠠᠯᠭ᠎ᠠ ᠶᠢᠨ ᠨᠥᠬᠦᠪᠥᠷᠢ ᠣᠯᠭᠤᠨ᠂ ᠬᠥᠮᠦᠨ ᠨᠢᠭᠡᠪᠦᠷᠢ ᠵᠢᠯ ᠳᠤ 1380 ᠲᠥᠭᠦᠷᠢᠭ ᠤᠨ ᠪᠠᠷᠢᠮᠵᠢᠶ᠎ᠠ ᠪᠠᠷ᠂ | 6 ᠰᠠᠷ᠎ᠠ ᠬᠤᠪᠢᠶᠠᠨ ︵ᠵᠢᠯ ᠪᠦᠷᠢ ᠶᠢᠨ 10 ᠳ᠋ᠤᠭᠠᠷ ᠰᠠᠷ᠎ᠠ ᠠᠴᠠ ᠳᠠᠷᠠᠭ᠎ᠠ ᠵᠢᠯ ᠤᠨ 3 ᠳ᠋ᠤᠭᠠᠷ ᠰᠠᠷ᠎ᠠ ᠬᠦᠷᠲᠡᠯ᠎ᠡ︶ | ᠣᠯᠭᠤᠪᠠ᠃ 2015 ᠣᠨ ᠳᠤ᠂ ᠦᠬᠠᠶ ᠬᠤᠳᠠ ᠨᠢ ᠨᠡᠶᠢᠳᠡ 1119 ᠨᠡᠷᠡᠰ ᠠᠵᠢᠯ ᠠᠯᠳᠠᠭᠰᠠᠳ ᠲᠤ 72 | ᠲᠦᠮᠡᠨ ᠲᠥᠭᠦᠷᠢᠭ ᠤᠨ ᠳᠤᠯᠠᠭᠠᠯᠭ᠎ᠠ ᠶᠢᠨ ᠨᠥᠬᠦᠪᠥᠷᠢ ᠣᠯᠭᠤᠪᠠ᠃ | ᠡᠨᠡ ᠬᠦ ︽ᠬᠠᠯᠠᠭᠤᠨ ᠳᠤᠯᠠᠭᠠᠨ︾ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠦᠬᠠᠶ ᠬᠤᠳᠠ ᠨᠢ ᠨᠦᠬᠦᠪᠦᠷᠢ ᠣᠯᠭᠤᠬᠤ ᠠᠵᠢᠯ | ᠢᠶᠠᠨ ᠤᠷᠢᠳᠴᠢᠯᠠᠨ ᠪᠠᠶᠢᠷᠢᠯᠠᠭᠤᠯᠤᠨ ᠲᠣᠬᠢᠷᠠᠭᠤᠯᠵᠤ᠂ ᠨᠢᠭᠡ ᠳᠤ ᠶᠠᠪᠤᠴᠠ ᠪᠠᠨ ᠳᠦᠭᠦᠮᠴᠢᠯᠡᠨ᠂ ᠠᠵᠢᠯ | ᠠᠯᠳᠠᠭᠰᠠᠳ ᠤᠨ ᠳᠤᠯᠠᠭᠠᠯᠭ᠎ᠠ ᠶᠢᠨ ᠨᠥᠬᠦᠪᠥᠷᠢ ᠬᠢᠭᠡᠳ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ | ᠬᠠᠮᠲᠤ ᠳᠤᠨᠢ ᠠᠵᠢᠯ ᠠᠯᠳᠠᠭᠰᠠᠳ ᠤᠨ ᠪᠠᠩᠬᠢ ᠶᠢᠨ ᠺᠠᠷᠲ ᠳᠤᠨᠢ ᠣᠷᠤᠭᠤᠯᠤᠨ ᠦᠭᠴᠦ᠂ ᠲᠤᠰ ᠬᠥᠮᠦᠨ ᠨᠢ | ᠪᠡᠶ᠎ᠡ ᠪᠠᠷ ᠢᠶᠠᠨ ᠣᠴᠢᠵᠤ ᠠᠪᠬᠤ ᠴᠢᠬᠤᠯᠠ ᠦᠭᠡᠢ ᠪᠣᠯᠭᠠᠨ᠂ ᠳᠥᠭᠦᠮ ᠳᠥᠲᠡ᠂ ᠠᠮᠤᠷ ᠲᠥᠪᠰᠢᠨ ᠦᠨᠳᠦᠷ | ᠪᠦᠲᠦᠮᠵᠢ ᠪᠣᠯᠭᠠᠪᠠ︔ ᠬᠤᠶᠠᠷ ᠲᠤ ᠦᠵᠡᠯ ᠤᠬᠠᠮᠰᠠᠷ ᠢ ᠨᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢ | ᠰᠤᠷᠤᠯᠴᠠᠭᠤᠯᠬᠤ ᠪᠠᠷ ᠳᠠᠮᠵᠢᠭᠤᠯᠤᠨ᠂ ᠭᠠᠷᠳᠠᠨ ᠬᠢᠭᠰᠡᠳ ᠲᠤ ᠠᠵᠢᠯ ᠠᠯᠳᠠᠭᠰᠠᠳ ᠲᠤ ᠳᠤᠯᠠᠭᠠᠯᠭ᠎ᠠ ᠶᠢᠨ | ᠨᠥᠬᠦᠪᠥᠷᠢ ᠶᠢ ᠴᠠᠭ ᠲᠤᠬᠠᠶ ᠳᠤᠨᠢ ᠣᠯᠭᠤᠬᠤ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠳᠤᠯᠠᠭᠠᠯᠭ᠎ᠠ ᠶᠢᠨ | ᠨᠦᠬᠦᠪᠦᠷᠢ ᠣᠯᠭᠤᠬᠤ ᠠᠵᠢᠯ ᠢ ᠥᠨᠳᠥᠷ ᠪᠠᠷᠢᠮᠵᠢᠶ᠎ᠠ᠂ ᠶᠠᠰᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠪᠠ︔ | ᠭᠤᠷᠪᠠ ᠳᠤ ᠴᠢᠩᠭ᠎ᠠ ᠬᠡᠷᠡᠭᠵᠢᠭᠦᠯᠵᠦ᠂ ᠣᠷᠤᠯᠠᠨ ᠠᠪᠬᠤ᠂ ᠮᠡᠬᠡᠯᠡᠨ ᠠᠪᠬᠤ ᠵᠡᠷᠭᠡ ᠦᠵᠡᠭᠳᠡᠯ ᠢ ᠲᠥᠭᠵᠢᠬᠦ ᠶᠢᠨ | ᠲᠤᠰᠠᠳᠠ᠂ ᠦᠬᠠᠶ ᠬᠤᠳᠠ ᠨᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠮᠡᠬᠡᠯᠡᠵᠦ ᠭᠤᠶᠤᠴᠢᠯᠠᠨ | ᠠᠪᠬᠤ ᠶᠢ ᠡᠰᠡᠷᠭᠦᠴᠡᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠳᠠ ᠶᠢᠨ ᠵᠠᠯᠭᠠᠰᠤ ᠪᠠᠷ ᠳᠠᠮᠵᠢᠨ ᠰᠠᠷ᠎ᠠ ᠪᠦᠷᠢ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠭᠤᠶᠤᠴᠢᠯᠠᠨ ᠠᠪᠬᠤ ᠲᠤᠭ᠎ᠠ ᠪᠠᠷᠢᠮᠲᠠ ᠶᠢᠨ ᠪᠣᠳᠠᠲᠤ ᠪᠠᠶᠢᠳᠠᠯ | ᠬᠢᠭᠡᠳ ᠠᠵᠢᠯ ᠠᠯᠳᠠᠭᠰᠠᠳ ᠤᠨ ᠳᠠᠭᠠᠳᠬᠠᠯ ᠤᠨ ᠮᠦᠩᠭᠦ ᠶᠢᠨ ᠠᠵᠢᠯ ᠤᠨ ᠪᠠᠶᠢᠷᠢ ᠳᠡᠭᠡᠷᠡᠬᠢ ᠳᠠᠭᠠᠳᠬᠠᠯ ᠳᠤ | ᠣᠷᠣᠯᠴᠠᠭᠰᠠᠨ ᠲᠤᠭ᠎ᠠ ᠪᠠᠷᠢᠮᠲᠠ᠂ ᠠᠵᠢᠯ ᠣᠯᠭᠤᠯᠲᠠ ᠶᠢ ᠳᠠᠩᠰᠠᠯᠠᠭᠰᠠᠨ ᠲᠤᠭ᠎ᠠ ᠪᠠᠷᠢᠮᠲᠠ᠂ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠭᠤᠬᠤ ᠠᠮᠠᠷᠠᠬᠤ ᠨᠠᠰᠤᠨ ᠳᠤ ᠬᠦᠷᠦᠭᠰᠡᠨ ᠲᠤᠭ᠎ᠠ ᠪᠠᠷᠢᠮᠲᠠ ᠲᠠᠢ ᠬᠠᠷᠭᠤᠭᠤᠯᠵᠤ᠂ | ᠠᠵᠢᠯ ᠠᠯᠳᠠᠭᠰᠠᠳ ᠲᠤ ᠳᠤᠯᠠᠭᠠᠯᠭ᠎ᠠ ᠶᠢᠨ ᠨᠥᠬᠦᠪᠥᠷᠢ ᠣᠯᠭᠤᠬᠤ ᠠᠵᠢᠯ ᠢ ︽ᠨᠢᠭᠡ ᠡᠳᠦᠷ ᠴᠦ | ᠤᠳᠠᠭᠠᠰᠢᠷᠠᠭᠤᠯᠬᠤ ᠦᠭᠡᠢ᠂ ᠨᠢᠭᠡ ᠬᠦᠮᠦᠨ ᠢ ᠴᠦ ᠣᠷᠬᠢᠭᠳᠠᠭᠤᠯᠬᠤ ᠦᠭᠡᠢ᠂ ᠨᠢᠭᠡ ᠮᠦᠩᠭᠦ ᠴᠦ ᠳᠤᠲᠠᠭᠤᠯᠬᠤ | ᠦᠭᠡᠢ︾ ᠪᠠᠷ ᠪᠡᠶᠡᠯᠡᠭᠦᠯᠪᠡ᠃ |