ᠨᠢᠭᠡᠳᠦᠭᠡᠷ ᠤᠯᠠᠷᠢᠯ ᠳᠤ᠂ ᠭᠠᠯ ᠤᠨ ᠬᠦᠴᠦᠨ ᠤ ᠴᠠᠬᠢᠯᠭᠠᠨ ᠭᠠᠷᠭᠠᠯᠲᠠ ᠶᠢᠨ ᠮᠠᠭᠤᠳᠠᠵᠤ ᠪᠠᠶᠢᠬᠤ ᠲᠠᠢ | ᠬᠠᠷᠢᠴᠠᠭᠤᠯᠪᠠᠯ᠂ ᠰᠠᠯᠬᠢᠨ ᠤ ᠡᠨᠧᠷᠭᠢ ᠪᠠ ᠭᠡᠷᠡᠯ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ | ᠰᠤᠷᠪᠤᠯᠵᠢ ᠪᠠᠷ ᠴᠠᠬᠢᠯᠭᠠᠨ ᠭᠠᠷᠭᠠᠬᠤ ᠨᠢ ᠶᠠᠭ ᠢᠳᠡ ᠬᠦᠴᠦᠨ ᠲᠠᠢ ᠪᠠᠶᠢᠵᠤ᠂ ᠡᠭᠦᠨ ᠳᠤ ᠭᠡᠷᠡᠯ ᠸᠣᠯᠲ 2.88 | ᠳ᠋ᠦᠩᠰᠢᠭᠤᠷ ᠺᠢᠯᠣᠸᠠᠲ/ᠴᠠᠭ ᠤᠨ ᠴᠠᠬᠢᠯᠭᠠᠨ ᠭᠠᠷᠭᠠᠬᠤ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 55. | 1 % ᠪᠠᠷ ᠨᠡᠮᠡᠭᠳᠡᠪᠡ︔ ᠳᠣᠯᠣᠨᠨᠠᠭᠤᠷ ᠤᠨ ᠳ᠋ᠠ ᠲᠠᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠰᠡᠷᠭᠦᠭᠡᠬᠦ ᠶᠢ | ᠳᠠᠭᠠᠯᠳᠤᠨ᠂ ᠪᠥᠭᠡᠭᠡᠨᠡᠷᠡᠯ ᠫᠷᠦᠫᠤᠨ ᠳᠠᠪᠠᠷᠬᠠᠶ ᠪᠠᠷ ᠭᠤᠣᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠨᠡᠶᠢᠲᠡ | ᠭᠠᠷᠤᠯᠲᠠ ᠨᠢ 3.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠨᠡᠮᠡᠭᠳᠡᠯ ᠤᠨ ᠬᠡᠮᠵᠢᠶ᠎ᠡ ᠶᠢᠨ ᠵᠠᠭᠤᠨ | ᠳᠠᠬᠢᠨ ᠥᠨᠳᠥᠷ ᠪᠣᠯᠪᠠ᠃ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠵᠡᠷᠭᠡ | ᠲᠡᠷᠢᠭᠦᠨ ᠤ ᠲᠣᠨᠣᠭᠯᠠᠯ ᠤᠨ ᠦᠢᠯᠡᠳᠬᠦᠨ ᠨᠢ ᠵᠢᠯ ᠤᠨ ᠡᠬᠢᠨ ᠠᠴᠠ ᠨᠠᠰᠢ 50 % ᠠᠴᠠ ᠳᠡᠭᠡᠭᠰᠢᠬᠢ ᠥᠨᠳᠥᠷ | ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠨᠢᠭᠡᠳᠦᠭᠡᠷ ᠤᠯᠠᠷᠢᠯ ᠳᠤ ᠨᠡᠶᠢᠲᠡ ᠭᠠᠷᠭᠠᠯᠲᠠ ᠨᠢ 28 ᠲᠦᠮᠡᠨ | ᠺᠢᠯᠣᠸᠠᠲ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 63.2 % ᠢᠶᠠᠷ ᠨᠡᠮᠡᠭᠳᠡᠪᠡ᠃ ︽ᠭᠤᠷᠪᠠᠨ ᠰᠢᠨ᠎ᠡ | ︾ ᠦᠢᠯᠡᠳᠬᠦᠨ ᠤ ᠨᠡᠮᠡᠭᠳᠡᠯ ᠤᠨ ᠬᠤᠷᠳᠤᠴᠠ ᠨᠢ ᠴᠦᠮ 50 % ᠠᠴᠠ ᠳᠡᠭᠡᠭᠰᠢ ᠪᠠᠶᠢᠬᠤ ᠶᠢ ᠪᠠᠲᠤᠯᠠᠪᠠ᠃ |