ᠥᠪᠥᠷ ᠮᠣᠩᠭᠤᠯ ᠠᠶᠢᠽ ᠡᠪᠡᠳᠴᠢᠨ᠂ ᠲᠡᠮᠪᠦᠦ ᠪᠤᠯᠤᠨ ᠡᠯᠢᠭᠡᠨ ᠤ ᠬᠦᠬᠡᠭᠴᠢᠨ ᠦᠷᠪᠢᠰᠦᠯ ᠡᠬᠡ ᠨᠢᠯᠬᠠᠰ ᠲᠤ ᠬᠠᠯᠳᠠᠪᠤᠷᠢᠯᠠᠬᠤ ᠶᠢ ᠰᠡᠷᠭᠡᠶᠢᠯᠡᠬᠦ  ᠲᠦᠷᠦᠯ ᠵᠦᠢᠯ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2016/5/9
     ᠤᠯᠤᠰ ᠤᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ︽ᠠᠶᠢᠽ ᠡᠪᠡᠳᠴᠢᠨ᠂ ᠲᠡᠮᠪᠦᠦ ᠪᠤᠯᠤᠨ ᠡᠯᠢᠭᠡᠨ ᠤ ᠬᠦᠬᠡᠭᠴᠢᠨ ᠦᠷᠪᠢᠰᠦᠯ ᠡᠬᠡ ᠨᠢᠯᠬᠠᠰ ᠲᠤ ᠬᠠᠯᠳᠠᠪᠤᠷᠢᠯᠠᠬᠤ ᠶᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ ︵2015 ᠣᠨ ᠤ ᠬᠡᠪᠯᠡᠯ︶︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠶᠢᠽ ᠡᠪᠡᠳᠴᠢᠨ᠂ ᠲᠡᠮᠪᠦᠦ  ᠪᠤᠯᠤᠨ ᠡᠯᠢᠭᠡᠨ ᠤ ᠬᠦᠬᠡᠭᠴᠢᠨ ᠦᠷᠪᠢᠰᠦᠯ ᠡᠬᠡ ᠨᠢᠯᠬᠠᠰ ᠲᠤ ᠬᠠᠯᠳᠠᠪᠤᠷᠢᠯᠠᠬᠤ ᠶᠢ ᠰᠡᠷᠭᠡᠶᠢᠯᠡᠬᠦ ᠠᠵᠢᠯ ᠤᠨ ᠶᠠᠰᠤ ᠴᠢᠨᠠᠷ ᠪᠠ ᠡᠬᠡ ᠨᠢᠯᠬᠠᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠲᠦᠷᠦᠯ ᠵᠦᠢᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠣᠷᠣᠨ ᠤ ᠬᠤᠳᠠ ᠬᠥᠳᠡᠭᠡ ᠶᠢᠨ ᠪᠤᠢ ᠪᠦᠬᠦᠢ ᠬᠤᠰᠢᠭᠤ ᠰᠢᠶᠠᠨ ᠳᠤ ᠪᠦᠷᠬᠦᠬᠦᠯᠬᠦ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ᠂ 4 ᠳ᠋ᠤᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠠᠶᠢᠽ ᠡᠪᠡᠳᠴᠢᠨ᠂ ᠲᠡᠮᠪᠦᠦ ᠪᠤᠯᠤᠨ ᠡᠯᠢᠭᠡᠨ ᠤ ᠬᠦᠭᠡᠭᠴᠢᠨ ᠦᠷᠪᠢᠰᠦᠯ ᠡᠬᠡ ᠨᠢᠯᠬᠠᠰ ᠲᠤ ᠬᠠᠯᠳᠠᠪᠤᠷᠢᠯᠠᠬᠤ ᠶᠢ ᠰᠡᠷᠭᠡᠶᠢᠯᠡᠬᠦ ᠲᠦᠷᠦᠯ ᠵᠦᠢᠯ ᠤᠨ ᠠᠵᠢᠯ ᠤᠨ ᠬᠤᠷᠠᠯ ᠬᠢᠪᠡ᠃ ᠪᠦᠬᠦ ᠣᠷᠣᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠠᠴᠠ ᠢᠷᠡᠭᠰᠡᠨ ᠡᠮᠨᠡᠯᠭᠡ ᠶᠢᠨ ᠠᠵᠢᠯᠲᠠᠳ ᠪᠠ ᠬᠠᠮᠢᠶᠠᠷᠤᠯᠲᠠ ᠶᠢᠨ ᠠᠵᠢᠯᠲᠠᠳ ᠬᠤᠷᠠᠯ ᠳᠤ ᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠠᠶᠢᠮᠠᠭ ᠬᠤᠳᠠ ᠨᠤᠭᠤᠳ ︽ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠵᠢᠯᠣᠭᠤᠳᠬᠤ ᠪᠠ ᠦᠨᠡᠯᠡᠨ ᠵᠢᠱᠢᠬᠦ ᠭᠠᠷ ᠠᠪᠤᠯᠭ᠎ᠠ︾ ᠶᠢᠨ ᠦᠨᠡᠯᠡᠨ ᠵᠢᠱᠢᠯᠲᠡ ᠶᠢᠨ ᠱᠠᠭᠠᠷᠳᠠᠯᠭ᠎ᠠ ᠶᠤᠰᠤᠭᠠᠷ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠥᠷᠥᠯ ᠵᠦᠢᠯ ᠤᠨ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠬᠤ ᠬᠡᠷᠡᠭᠲᠡᠶ︔ ᠬᠤᠶᠠᠷ ᠲᠤ᠂ ᠲᠦᠷᠦᠯ ᠵᠦᠢᠯ ᠲᠠᠢ ᠬᠤᠰᠢᠭᠤ ᠰᠢᠶᠠᠨ ᠢ ᠱᠠᠳᠤ ᠳᠠᠷᠠᠭᠠᠯᠠᠨ ᠪᠣᠯᠪᠠᠰᠤᠷᠠᠭᠤᠯᠬᠤ ᠶᠢ ᠴᠢᠩᠭᠠᠳᠬᠠᠵᠤ᠂ ᠠᠵᠢᠯ ᠢᠶᠠᠨ ᠪᠦᠬᠦ ᠲᠠᠯ᠎ᠠ ᠪᠠᠷ ᠦᠷᠨᠢᠬᠦᠯᠬᠦ ᠬᠡᠷᠡᠭᠲᠠᠢ︔ ᠭᠤᠷᠪᠠ ᠳᠤ᠂ ᠡᠯ᠎ᠡ ᠭᠠᠵᠠᠷ ᠣᠷᠣᠨ ᠤ ᠡᠭᠡ ᠨᠢᠯᠬᠠᠰ ᠢ ᠬᠢᠨᠠᠨ ᠬᠡᠮᠵᠢᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠵᠢᠯ ᠤᠨ ᠤᠷ᠎ᠠ ᠴᠢᠳᠠᠪᠤᠷᠢ ᠪᠠᠨ ᠵᠢᠷᠤᠮᠵᠢᠭᠤᠯᠵᠤ᠂ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠲᠥᠷᠥᠯ ᠵᠦᠢᠯ ᠢ ᠡᠮᠴᠢᠯᠡᠭᠡᠨ ᠤ ᠠᠵᠢᠯ ᠲᠠᠢ ᠨᠢᠭᠲᠠ ᠤᠶᠠᠯᠳᠤᠭᠤᠯᠤᠨ᠂ ᠮᠠᠨ ᠤ ᠣᠷᠣᠨ ᠤ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ ᠵᠢᠴᠢ ᠨᠢᠷᠠᠶ ᠬᠡᠦᠬᠡᠳ ᠤᠨ ᠦᠬᠦᠯ ᠤᠨ ᠨᠤᠷᠮ᠎ᠠ ᠶᠢ ᠤᠯᠠᠮ ᠨᠢᠭᠡ ᠠᠯᠬᠤᠮ ᠳᠤᠷᠤᠭᠰᠢᠯᠠᠭᠤᠯᠬᠤ ᠬᠡᠷᠡᠭᠲᠠᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号