ᠦᠬᠠᠶ ᠬᠤᠳᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2016/6/1
      ᠤᠶᠢᠷ᠎ᠠ ᠳᠤ᠂ ᠦᠬᠠᠶ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠮᠲᠤᠷᠠᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠲᠤᠰ ᠠᠵᠢᠯᠯᠠᠭ᠎ᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠳᠦᠷᠢᠮ ᠢ ᠵᠢᠩᠬᠢᠨᠢ ᠪᠠᠷ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃ ︽ᠮᠡᠳᠡᠭᠳᠡᠯ︾᠎ ᠳᠤ ᠱᠠᠭᠠᠷᠳᠠᠭᠰᠠᠨ ᠨᠢ᠂ 2016 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠦᠬᠠᠶ ᠬᠤᠳᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ᠂ ᠣᠷᠣᠵᠤ ᠰᠠᠭᠤᠭᠰᠠᠨ ᠨᠠᠰᠤᠲᠠᠳ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠳᠦᠷᠢᠮ ᠢ ᠪᠠᠶᠢᠭᠤᠯᠤᠨ᠎ᠠ᠃ ᠦᠬᠠᠢ ᠬᠤᠲᠠ ᠨᠢ ᠵᠣᠬᠢᠬᠤ ᠬᠠᠷᠢᠴᠠᠯ ᠶᠣᠰᠤᠭᠠᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠲᠥᠷᠥ ᠶᠢᠨ ᠪᠤᠳᠤᠯᠭ᠎ᠠ ᠶᠢᠨ ᠨᠥᠬᠦᠪᠥᠷᠢ ᠣᠯᠭᠤᠨ᠎ᠠ᠃ ᠡᠯ᠎ᠡ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ ᠠᠰᠠᠷᠠᠮᠵᠢ ᠶᠢᠨ ᠰᠠᠯᠠᠭ᠎ᠠ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠪᠦᠷᠢᠳᠬᠡᠬᠦ᠂ ᠳᠠᠭᠠᠳᠬᠠᠯ ᠤᠨ ᠭᠡᠷ᠎ᠡ ᠶᠢ ᠬᠢᠨᠠᠨ ᠬᠠᠷᠭᠤᠭᠤᠯᠬᠤ᠂ ᠪᠡᠯᠡ ᠮᠥᠩᠭᠦ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠦᠭᠰᠡᠨ ᠨᠢ ᠦᠬᠠᠶ ᠬᠤᠳᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠥᠪᠰᠢᠨ ᠢ ᠤᠯᠠᠮ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠠᠨᠠᠭᠠᠨ ᠠᠴᠠ ᠭᠠᠳᠠᠭᠤᠷᠬᠢ ᠬᠠᠷᠢᠭᠤᠴᠠᠯᠭ᠎ᠠ ᠶᠢᠨ ᠠᠶᠤᠯ ᠲᠦᠭᠰᠢᠭᠦᠷᠢ ᠡᠭᠦᠰᠬᠦ ᠦᠶ᠎ᠡ ᠶᠢᠨ ᠠᠷᠭᠠᠴᠠᠭᠠᠬᠤ ᠴᠢᠳᠠᠪᠤᠷᠢ ᠪᠠ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠬᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠣᠲᠣᠭᠠᠳᠤ ᠶᠢᠨ ᠬᠠᠮᠢᠶᠠᠷᠤᠯᠲᠠ ᠶᠢ ᠪᠦᠷᠢᠨᠰᠢᠭᠦᠯᠬᠦ᠂ ᠡᠵᠡᠩᠨᠡᠯᠲᠡ ᠶᠢᠨ ᠠᠶᠤᠯ ᠲᠦᠭᠰᠢᠭᠦᠷᠢ ᠶᠢ ᠪᠠᠭᠤᠷᠠᠭᠤᠯᠬᠤ ᠳᠤ ᠪᠠᠲᠤᠯᠠᠭ᠎ᠠ ᠶᠢᠨ ᠦᠢᠯᠡᠳᠦᠯ ᠦᠵᠡᠭᠦᠯᠬᠦ ᠪᠣᠯᠤᠨ᠎ᠠ᠃ ᠣᠳᠣᠬᠠᠨ ᠳᠤ᠂ ᠦᠬᠠᠶ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠠᠭ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠤᠪᠢᠯᠠᠭᠴᠢ᠂ ᠣᠷᠣᠵᠤ ᠰᠠᠭᠤᠭᠰᠠᠨ ᠨᠠᠰᠤᠲᠠᠨ ᠤ ᠨᠡᠷᠡᠰ ᠢ ᠪᠦᠷᠢᠳᠬᠡᠬᠦ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠭᠰᠠᠨ ᠵᠠᠷᠤᠳᠠᠯ ᠢ ᠬᠢᠨᠠᠨ ᠬᠠᠷᠭᠤᠭᠤᠯᠵᠤ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠲᠥᠷᠢᠮ ᠤᠨ ᠬᠡᠷᠡᠭᠵᠢᠭᠦᠯᠦᠯᠲᠡ ᠶᠢᠨ ᠠᠵᠢᠯ ᠢ ᠳᠠᠷᠤᠶᠢᠬᠠᠨ ᠨᠠᠶᠢᠳᠠᠪᠤᠷᠢᠵᠢᠭᠤᠯᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号