5 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠷᠤᠨ ᠤ | ᠪᠠᠷᠢᠮᠵᠢᠶᠠᠵᠢᠯᠳᠠ ᠶᠢᠨ ᠠᠵᠢᠯ ᠤᠨ ᠲᠧᠯᠸᠢᠰ ᠳ᠋ᠢᠶᠠᠩᠬᠤᠸᠠ ᠤᠨ ᠬᠤᠷᠠᠯ ᠬᠦᠬᠡᠬᠤᠳᠠ ᠳᠤ ᠬᠤᠷᠠᠯᠳᠤᠵᠤ᠂ | ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠷᠢᠮᠵᠢᠶᠠᠵᠢᠯᠳᠠ ᠶᠢᠨ ᠠᠵᠢᠯ ᠢ ᠲᠦᠯᠬᠢᠨ ᠠᠬᠢᠭᠤᠯᠬᠤ | ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠨᠠᠶᠢᠳᠠᠪᠤᠷᠢᠵᠢᠭᠤᠯᠤᠨ ᠳᠤᠤᠱᠯᠠᠭᠤᠯᠵᠤ᠂ ︽ᠠᠵᠢᠯᠯᠠᠭ᠎ᠠ ᠶᠢᠨ | ᠲᠦᠯᠦᠪᠯᠡᠭᠡ︾ ᠶᠢ ᠬᠡᠷᠡᠭᠵᠢᠬᠦᠯᠦᠭᠰᠡᠨ ᠠᠴᠠ ᠨᠠᠰᠢᠬᠢ ᠱᠠᠳᠤᠴᠢ ᠴᠢᠨᠠᠷ ᠲᠠᠢ ᠠᠵᠢᠯ ᠳᠤ ᠳ᠋ᠦᠡᠭᠨᠡᠯᠳᠡ ᠬᠢᠵᠤ᠂ ᠡᠯ᠎ᠡ | ᠠᠶᠢᠮᠠᠭ ᠬᠤᠳᠠ ᠶᠢᠨ ᠪᠠᠷᠢᠮᠵᠢᠶᠠᠵᠢᠯᠳᠠ ᠶᠢᠨ ᠠᠵᠢᠯ ᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ | ᠲᠦᠯᠦᠪᠯᠡᠭᠡ ᠶᠢᠨ ᠦᠩᠭᠡᠷᠡᠭᠰᠡᠨ ᠵᠢᠯ ᠤᠨ ᠰᠢᠯᠭᠠᠷᠠᠭᠤᠯᠤᠯᠳᠠ ᠶᠢᠨ ᠦᠷ᠎ᠠ ᠳ᠋ᠦᠡᠭ ᠢ ᠨᠡᠶᠢᠳᠡᠯᠡᠵᠤ᠂ ᠳᠠᠷᠠᠭᠠᠴᠢ ᠶᠢᠨ | ᠠᠵᠢᠯ ᠢᠶᠠᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠴᠠᠩ ᠵᠢᠶᠦ᠋ᠨ ᠵᠸᠡᠭ | ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃ | ᠳᠡᠳ᠋ ᠳᠡᠷᠢᠬᠦᠯᠡᠭᠴᠢ ᠴᠠᠩ ᠵᠢᠶᠦ᠋ᠨ ᠵᠸᠡᠭ ᠵᠢᠭᠠᠵᠤ ᠭᠠᠷᠭᠠᠭᠰᠠᠨ ᠨᠢ᠂ ᠪᠠᠷᠢᠮᠵᠢᠶᠠᠵᠢᠯᠳᠠ ᠶᠢᠨ ᠠᠵᠢᠯ ᠪᠤᠯ | ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠦᠯᠬᠢᠨ ᠠᠬᠢᠭᠤᠯᠬᠤ ᠴᠢᠬᠤᠯᠠ ᠰᠠᠭᠤᠷᠢ᠂ ︽ᠳᠠᠪᠤᠨ ᠶᠡᠭᠡ | ᠬᠦᠭᠵᠢᠯᠳᠡ ᠶᠢᠨ ᠣᠨᠣᠯᠵᠢᠬᠤᠨ︾ ᠢ ᠨᠠᠶᠢᠳᠠᠪᠤᠷᠢᠵᠢᠭᠤᠯᠬᠤ ᠴᠢᠬᠤᠯᠠ ᠭᠤᠭᠴᠤᠭ᠎ᠠ ᠪᠤᠯᠬᠤ ᠪᠦᠭᠡᠳ ᠤᠯᠤᠰ ᠤᠨ | ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠷᠠᠭᠤᠯᠬᠤ ᠪᠤᠰᠤᠳᠴᠢ ᠱᠠᠭᠠᠷᠳᠠᠯᠭ᠎ᠠ᠂ ᠬᠠᠨᠭ᠍ᠭᠠᠯᠭ᠎ᠠ ᠶᠢᠨ ᠳᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠮᠡᠷᠭᠡᠵᠢᠯ ᠤᠨ ᠲᠦᠰᠢᠭ ᠪᠤᠯᠤᠨ᠎ᠠ᠃ ᠡᠯ᠎ᠡ | ᠪᠠᠶᠢᠭᠤᠯᠭ᠎ᠠ ᠨᠢᠭᠡᠴᠡ᠂ ᠡᠯ᠎ᠡ ᠰᠠᠯᠠᠭ᠎ᠠ ᠮᠦᠴᠢᠷ ᠳᠠᠨᠢᠯᠳᠠ ᠪᠠᠨ ᠳᠡᠭᠡᠭᠰᠢᠯᠡᠬᠦᠯᠵᠦ᠂ ᠰᠢᠨ᠎ᠡ ᠬᠡᠪ ᠪᠠᠶᠢᠳᠠᠯ ᠳᠤᠤᠷᠠᠬᠢ | ᠪᠠᠷᠢᠮᠵᠢᠶᠠᠵᠢᠯᠳᠠ ᠶᠢᠨ ᠠᠵᠢᠯ ᠢ ᠰᠠᠶᠢᠳᠤᠷ ᠬᠢᠬᠦ ᠶᠢᠨ ᠬᠦᠨᠳᠤ ᠴᠢᠬᠤᠯᠠ ᠠᠴᠢ ᠬᠤᠯᠪᠤᠭᠳᠠᠯ ᠢ ᠬᠦᠢᠴᠡᠳ | ᠤᠢᠢᠯᠠᠭᠠᠵᠤ᠂ ᠳᠡᠭᠡᠳᠤ ᠬᠡᠮᠵᠢᠶ᠎ᠠ ᠶᠢᠨ ᠬᠠᠷᠢᠭᠤᠴᠠᠯᠭᠠᠳᠤ ᠰᠡᠳᠬᠢᠯᠭᠡ ᠪᠠᠷ ᠪᠠᠷᠢᠮᠵᠢᠶᠠᠵᠢᠯᠳᠠ ᠶᠢᠨ ᠠᠵᠢᠯ ᠢ ᠲᠦᠯᠬᠢᠨ | ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠰᠠᠶᠢᠳᠤᠷ ᠨᠠᠶᠢᠳᠠᠪᠤᠷᠢᠵᠢᠭᠤᠯᠵᠤ᠂ | ᠪᠠᠷᠢᠮᠵᠢᠶᠠᠵᠢᠯᠳᠠ ᠶᠢᠨ ᠠᠵᠢᠯ ᠤᠨ ᠦᠢᠯᠡᠳᠦᠯ ᠢ ᠰᠠᠶᠢᠳᠤᠷ ᠪᠠᠳᠠᠷᠠᠭᠤᠯᠬᠤ ᠭᠡᠷᠡᠭᠳᠠᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠶᠢ ᠳᠤᠪᠤᠶᠢᠯᠭᠠᠵᠤ᠂ ᠰᠢᠨ᠎ᠠ ᠬᠡᠪ ᠪᠠᠶᠢᠳᠠᠯ ᠳᠤᠤᠷᠠᠬᠢ | ᠪᠠᠷᠢᠮᠵᠢᠶᠠᠵᠢᠯᠳᠠ ᠶᠢᠨ ᠠᠵᠢᠯ ᠢ ᠦᠨᠡᠡᠬᠦ ᠰᠠᠶᠢᠳᠤᠷ ᠬᠢᠵᠤ᠂ ᠪᠠᠷᠢᠮᠵᠢᠶᠠᠵᠢᠯᠳᠠ ᠶᠢᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠤ᠂ ᠰᠢᠨ᠎ᠡ ᠶᠢ ᠡᠬᠦᠳᠦᠭᠰᠡᠨ ᠪᠠᠷᠢᠮᠵᠢᠶᠠᠵᠢᠯᠳᠠ ᠶᠢᠨ ᠠᠵᠢᠯ ᠢ ᠡᠬᠦᠳᠦᠨ ᠪᠠᠶᠢᠭᠤᠯᠵᠤ᠂ | ᠪᠠᠷᠢᠮᠵᠢᠶᠠᠵᠢᠯᠳᠠ ᠶᠢᠨ ᠠᠵᠢᠯ ᠤᠨ ᠬᠦᠭᠵᠢᠯᠳᠡ ᠶᠢᠨ ᠰᠠᠭᠤᠷᠢ ᠶᠢ ᠪᠠᠬᠢᠵᠢᠭᠦᠯᠬᠦ ᠳᠤ ᠬᠦᠴᠦ ᠪᠠᠨ ᠲᠠᠯᠪᠢᠬᠤ ᠬᠡᠷᠡᠭᠳᠠᠢ︔ | ᠨᠢᠭᠡᠳᠤᠯᠳᠠᠢ ᠳᠥᠯᠦᠪᠵᠢᠬᠦᠯᠦᠨ ᠳᠦᠰᠦᠪᠯᠡᠵᠤ᠂ ᠪᠠᠷᠢᠮᠵᠢᠶᠠᠵᠢᠯᠳᠠ ᠶᠢᠨ ᠠᠵᠢᠯ ᠤᠨ ᠬᠦᠭᠵᠢᠯᠳᠡ ᠶᠢ ᠲᠦᠯᠬᠢᠨ | ᠠᠬᠢᠭᠤᠯᠬᠤ ᠨᠢᠬᠳᠠᠷᠠᠯ ᠬᠦᠴᠦᠨ ᠢ ᠴᠢᠷᠮᠠᠶᠢᠨ ᠪᠦᠷᠢᠯᠳᠤᠬᠦᠯᠬᠦ ᠬᠡᠷᠡᠭᠳᠠᠢ︔ ᠬᠠᠮᠳᠤ ᠪᠠᠷ ᠵᠠᠰᠠᠬᠤ ᠪᠠᠶᠢᠷᠢᠰᠢᠯ ᠢ | ᠴᠢᠷᠮᠠᠶᠢᠨ ᠪᠦᠷᠢᠯᠳᠤᠬᠦᠯᠵᠦ᠂ ᠠᠵᠤ ᠠᠬᠤᠢᠢᠯᠠᠯ ᠤᠨ ᠭᠤᠤᠯ ᠴᠤᠭᠴᠠ ᠶᠢᠨ ᠦᠢᠯᠡᠳᠤᠯ ᠢ ᠪᠠᠳᠠᠷᠠᠭᠤᠯᠵᠤ᠂ | ᠪᠠᠷᠢᠮᠵᠢᠶᠠᠵᠢᠯᠳᠠ ᠶᠢᠨ ᠠᠵᠢᠯ ᠤᠨ ᠰᠠᠶᠢᠨ ᠰᠠᠶᠢᠬᠠᠨ ᠤᠷᠴᠢᠨ ᠳᠤᠭᠤᠷᠢᠨ ᠢ ᠪᠦᠷᠢᠯᠳᠤᠬᠦᠯᠬᠦ ᠬᠡᠷᠡᠭᠳᠠᠢ ᠭᠡᠪᠡ᠃ | ᠬᠤᠷᠠᠯ ᠳᠤ ᠦᠪᠡᠷᠳᠡᠭᠡᠨ ᠵᠠᠰᠠᠬᠤ ᠤᠷᠤᠨ ᠤ ᠪᠠᠷᠢᠮᠵᠢᠶᠠᠵᠢᠯᠳᠠ ᠶᠢᠨ ᠠᠵᠢᠯ ᠢ ᠲᠦᠯᠬᠢᠨ ᠠᠬᠢᠭᠤᠯᠬᠤ | ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢᠨ ᠤᠳᠤᠷᠢᠳᠬᠤ ᠳᠤᠭᠤᠢᠢᠯᠠᠩ ᠤᠨ ᠬᠢᠨ ᠠᠵᠢᠯ ᠤᠨ | ᠮᠡᠳᠡᠬᠦᠯᠦᠯᠳᠡ ᠬᠢᠵᠤ᠂ ᠪᠤᠭᠤᠳᠤ ᠬᠤᠳᠠ᠂ ᠲᠦᠡᠭᠯᠢᠶᠤᠤ ᠬᠤᠳᠠ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠪᠠ ᠦᠪᠡᠷᠳᠡᠭᠡᠨ ᠵᠠᠰᠠᠬᠤ ᠤᠷᠤᠨ ᠤ ᠢᠳᠡᠭᠡᠨ ᠡᠮ ᠤᠨ ᠵᠦᠢᠯᠠᠰ ᠲᠤ ᠬᠢᠨᠠᠯᠳᠠ | ᠲᠠᠯᠪᠢᠵᠤ ᠬᠠᠮᠢᠶᠠᠷᠬᠤ ᠳᠤᠪᠴᠢᠶ᠎ᠠ ᠶᠢᠨ ᠬᠠᠷᠢᠭᠤᠴᠠᠯᠭᠠᠳᠠᠨ ᠠᠴᠠ ᠲᠤᠷᠰᠢᠯᠭ᠎ᠠ ᠪᠠᠨ ᠲᠠᠨᠢᠯᠴᠠᠭᠤᠯᠪᠠ᠃ |