ᠥᠪᠥᠷ ᠮᠣᠩᠭᠤᠯ ᠨᠢᠯᠬ᠎ᠠ ᠬᠡᠤᠭᠡᠳ ᠤᠨ ᠨᠠᠶᠢᠷᠠᠯᠭᠠᠲᠤ ᠰᠦᠨ ᠲᠠᠯᠬ᠎ᠠ ᠶᠢ ᠡᠮ ᠤᠨ ᠳᠡᠯᠭᠡᠭᠦᠷ ᠢᠶᠠᠷ ᠬᠤᠳᠠᠯᠳᠤᠬᠤ ᠶᠢ ᠲᠦᠯᠬᠢᠨ ᠠᠬᠢᠭᠤᠯᠵᠤ᠂ ᠪᠦᠬᠦ ᠶᠠᠪᠤᠴᠠ ᠶᠢ ᠦᠭᠰᠦᠨ ᠨᠡᠬᠡᠮᠵᠢᠯᠡᠵᠤ ᠪᠤᠯᠬᠤ ᠶᠢ ᠪᠡᠶᠡᠯᠡᠭᠦᠯᠵᠤ ᠪᠤᠢ
ᠨᠡᠶᠢᠲᠡᠯᠡᠭᠰᠡᠨ ᠴᠠᠭ᠄
2016/6/12
     ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠡᠯᠧᠺᠲᠷᠣᠨ ᠦᠭᠰᠦᠨ ᠨᠡᠬᠡᠮᠵᠢᠯᠡᠬᠦ ᠺᠠᠷᠲ ᠤᠨ ᠢᠯᠡᠷᠭᠡᠶᠢᠯᠡᠯ
     ᠥᠪᠥᠷ ᠮᠣᠩᠭᠤᠯ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢ ᠡᠮ ᠤᠨ ᠳᠡᠯᠭᠡᠭᠦᠷ ᠢᠶᠠᠷ ᠬᠤᠳᠠᠯᠳᠤᠬᠤ ᠶᠢ ᠲᠦᠯᠬᠢᠨ ᠠᠬᠢᠭᠤᠯᠬᠤ ᠲᠤᠷᠰᠢᠯᠲᠠ ᠶᠢᠨ ᠠᠵᠢᠯ      ᠥᠪᠥᠷ ᠮᠣᠩᠭᠤᠯ ᠤᠮᠠᠷᠠᠲᠤ ᠥᠷᠭᠡᠷᠢᠭ ᠤᠨ 45 ᠭᠷᠠᠳᠦ᠋ᠰ ᠲᠤ ᠪᠠᠶᠢᠰᠢᠷᠢᠵᠤ᠂ 13 ᠳ᠋ᠦᠩᠰᠢᠭᠤᠷ ᠮᠦ ᠪᠠᠶᠢᠭᠠᠯᠢ ᠶᠢᠨ ᠨᠤᠲᠤᠭ ᠪᠡᠯᠴᠢᠭᠡᠷ᠂ 5000 ᠲᠦᠮᠡᠨ ᠮᠦ ᠡᠷᠳᠡᠨᠢ ᠰᠢᠰᠢ ᠬᠢᠭᠡᠳ 800 ᠲᠦᠮᠡᠨ ᠮᠤ᠋ ᠴᠢᠨᠠᠷ ᠰᠠᠶᠢᠲᠠᠶ ᠴᠠᠷᠭᠠᠰᠤᠨ ᠨᠠᠪᠴᠢᠨ ᠲᠡᠵᠢᠭᠡᠯ ᠡᠪᠡᠰᠦᠨ ᠤ ᠰᠠᠭᠤᠷᠢᠨ ᠭᠠᠵᠠᠷ ᠲᠠᠢ ᠪᠠᠶᠢᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠨᠥᠬᠦᠴᠡᠯ ᠨᠢ ᠤᠯᠠᠨ ᠠᠴᠠ ᠬᠡᠲᠦ᠋ᠢᠳᠦᠭᠰᠡᠨ ᠳᠠᠪᠠᠭᠤᠯᠢᠭ ᠲᠠᠯ᠎ᠠ ᠲᠠᠢ ᠪᠤᠯᠬᠤᠷ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠰᠢᠵᠢᠷ ᠠᠯᠲᠠᠨ ᠰᠦ ᠶᠢᠨ ᠢᠷᠡᠯᠲᠡ ᠶᠢᠨ ᠤᠷᠤᠨ ᠪᠤᠯᠪᠠ᠃ ᠲᠤᠭ᠎ᠠ ᠪᠠᠷᠢᠮᠲᠠ ᠠᠴᠠ ᠦᠵᠡᠪᠡᠯ᠂ 2015 ᠣᠨ ᠳᠤ ᠥᠪᠥᠷ ᠮᠣᠩᠭᠤᠯ ᠤᠨ ᠮᠠᠯ ᠠᠵᠤ ᠠᠬᠤᠶ ᠶᠢᠨ ᠣᠨ ᠤ ᠲᠡᠵᠢᠭᠡᠭᠰᠡᠨ ᠮᠠᠯ ᠤᠨ ᠲᠤᠭ᠎ᠠ ᠲᠣᠯᠣᠭᠠᠶ 1.3 ᠳ᠋ᠦᠩᠰᠢᠭᠤᠷ ᠲᠤ ᠬᠦᠷᠴᠦ᠂ ᠪᠦᠬᠦ ᠵᠢᠯ ᠤᠨ ᠮᠢᠬᠠᠨ ᠤ ᠵᠦᠢᠯ ᠤᠨ ᠶᠡᠷᠦᠩᠬᠡᠶ ᠭᠠᠷᠤᠯᠲᠠ ᠎ ᠨᠢ 245.7 ᠲᠦᠮᠡᠨ ᠲᠣᠨ ᠪᠠᠶᠢᠵᠤ᠂ ᠦᠨᠢᠶᠡᠨ ᠰᠦ ᠶᠢᠨ ᠭᠠᠷᠤᠯᠲᠠ ᠨᠢ 803.2 ᠲᠦᠮᠡᠨ ᠲᠣᠨ ᠳᠤ ᠬᠦᠷᠴᠠᠢ ᠃ ᠡᠭᠦᠨ ᠳᠤ ᠦᠨᠢᠶᠡᠨ ᠰᠦ ᠶᠢᠨ ᠭᠠᠷᠤᠯᠲᠠ ᠨᠢ ᠪᠦᠬᠦ ᠤᠯᠤᠰ ᠲᠤ ᠲᠡᠷᠢᠭᠦᠯᠡᠭᠰᠡᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠤᠨ ᠪᠦᠬᠦ ᠣᠷᠣᠨ ᠨᠢᠭᠡᠨᠲᠡ ᠵᠢᠯ ᠳᠤ 1000 ᠲᠦᠮᠡᠨ ᠲᠣᠨ ᠰᠢᠨ᠎ᠡ ᠰᠦ ᠪᠣᠯᠪᠠᠰᠤᠷᠠᠭᠤᠯᠬᠤ ᠴᠢᠳᠠᠪᠤᠷᠢ ᠶᠢ ᠪᠦᠷᠢᠳᠦᠭᠦᠯᠵᠤ᠂ ᠬᠥᠬᠡᠬᠤᠲᠠ ᠴᠦ ︽ᠳᠤᠮᠳᠠᠳᠤ ᠤᠯᠤᠰ ᠤᠨ ᠰᠦ ᠶᠢᠨ ᠨᠡᠶᠢᠰᠯᠡᠯ︾ ᠬᠡᠮᠡᠨ ᠠᠯᠳᠠᠷᠰᠢᠵᠠᠢ᠃ ᠣᠳᠣᠬᠠᠨ ᠳᠤ᠂ ᠥᠪᠥᠷ ᠮᠣᠩᠭᠤᠯ ᠤᠨ ᠤᠳᠤ ᠪᠠᠶᠢᠭ᠎ᠠ ᠴᠠᠭᠠᠨ ᠢᠳᠡᠭᠡᠨ ᠤ ᠠᠵᠤ ᠠᠬᠤᠶᠢᠯᠠᠯ ᠤᠨ ᠳᠤᠲᠤᠷ᠎ᠠ᠂ ᠢᠯᠢ ᠪᠦᠯᠦᠭᠯᠡᠯ ᠬᠦᠭᠵᠢᠨ ᠪᠤᠵᠠᠭᠠᠶᠢᠷᠠᠭᠠᠳ ᠳᠡᠯᠡᠬᠡᠶ ᠶᠢᠨ ᠰᠦ ᠰᠠᠭᠠᠯᠢ ᠶᠢᠨ ᠦᠢᠯᠡᠰ ᠤᠨ ᠨᠠᠢᠮᠠᠳᠤᠭᠠᠷ ᠬᠦᠴᠦᠷᠭᠡᠭ ᠪᠤᠯᠵᠤ᠂ ᠠᠽᠢᠶ᠎ᠠ ᠲᠢᠪ ᠤᠨ ᠨᠢᠭᠡᠳᠦᠭᠡᠷ ᠲᠤ ᠣᠷᠣᠵᠠᠶ᠃ ᠮᠸᠡᠭ ᠨᠢᠦ ᠪᠦᠯᠦᠭᠯᠡᠯ ᠳᠡᠯᠡᠬᠡᠶ ᠶᠢᠨ ᠰᠦᠨ ᠤ ᠠᠵᠤ ᠠᠬᠤᠶᠢᠯᠠᠯ ᠤᠨ ᠠᠷᠪᠠᠨ ᠬᠤᠶᠠᠷ ᠬᠦᠴᠦᠷᠭᠡᠭ ᠲᠤ ᠤᠷᠤᠵᠤ᠂ ᠪᠦᠬᠦ ᠤᠯᠤᠰ ᠤᠨ ᠬᠡᠷᠡᠭᠯᠡᠭᠴᠢᠳ ᠲᠤ ᠶᠡᠭᠡ ᠬᠡᠮᠵᠢᠶᠡᠨ ᠤ ᠴᠢᠨᠠᠷ ᠰᠠᠶᠢᠲᠠᠶ ᠴᠠᠭᠠᠨ ᠢᠳᠡᠭᠡ ᠬᠠᠨᠭ᠍ᠭᠠᠵᠤ ᠪᠠᠶᠢᠨ᠎ᠠ᠃      ᠥᠪᠥᠷ ᠮᠣᠩᠭᠤᠯ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠤᠨ ᠪᠦᠬᠦ ᠣᠷᠣᠨ ᠤ ᠤᠳᠤ ᠪᠠᠶᠢᠭ᠎ᠠ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ 72 ᠪᠠᠶᠢᠵᠤ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢ ᠪᠦᠬᠦ ᠤᠯᠤᠰ ᠤᠨ ᠬᠤᠶᠠᠳᠤᠭᠠᠷ ᠲᠤ ᠣᠷᠣᠵᠤ᠂ ᠴᠠᠭᠠᠨ ᠢᠳᠡᠭᠡᠨ ᠤ ᠭᠠᠷᠤᠯᠲᠠ ᠨᠢ 293.6 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠬᠤᠶᠠᠳᠤᠭᠠᠷ ᠲᠤ ᠤᠷᠤᠭᠰᠠᠨ ᠪᠠᠶᠢᠨ᠎ᠠ᠃ ᠣᠷᠣᠨ ᠤ ᠳᠣᠲᠣᠷᠠᠬᠢ ᠠᠵᠤ ᠠᠬᠤᠶᠢᠯᠠᠯ ᠤᠨ ᠪᠤᠯᠪᠠᠰᠤᠷᠠᠭᠤᠯᠤᠭᠰᠠᠨ ᠴᠠᠭᠠᠨ ᠢᠳᠡᠭᠡ ᠳᠤ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠳᠡᠭᠡᠷ᠎ᠡ ᠪᠠᠶᠢᠩᠭᠤ ᠬᠠᠷᠠᠭᠳᠠᠳᠠᠭ ᠰᠢᠩᠭᠡᠨ ᠪᠡᠶᠡᠲᠦ ᠰᠦ᠂ ᠰᠦᠨ ᠲᠠᠯᠬ᠎ᠠ᠂ ᠡᠭᠡᠳᠡᠭᠰᠡᠨ ᠰᠦ ᠵᠡᠷᠭᠡ ᠦᠢᠯᠡᠳᠬᠦᠨ ᠪᠠᠭᠲᠠᠬᠤ ᠪᠠᠷ ᠪᠠᠷᠠᠬᠤ ᠦᠭᠡᠶ᠂ ᠪᠠᠰᠠ ᠦᠷᠦᠮ᠎ᠠ᠂ ᠬᠤᠷᠤᠳ᠂ ᠰᠢᠷ᠎ᠠ ᠲᠣᠰᠣ᠂ ᠠᠭᠠᠷᠤᠤᠯ᠂ ᠪᠢᠰᠢᠯᠠᠭ ᠮᠡᠲᠦ ᠶᠢᠨ ᠥᠪᠥᠷ ᠮᠣᠩᠭᠤᠯ ᠤᠨ ᠣᠨᠴᠠᠯᠢᠭ ᠪᠦᠬᠦᠢ ᠤᠯᠠᠮᠵᠢᠯᠠᠯᠲᠤ ᠴᠠᠭᠠᠨ ᠢᠳᠡᠭᠡᠨ ᠴᠤ ᠪᠠᠭᠲᠠᠵᠤ ᠪᠤᠢ᠃ ᠰᠦᠨ ᠲᠠᠯᠬ᠎ᠠ ᠦᠢᠯᠡᠳᠪᠦᠷᠢᠯᠡᠬᠦ 50 ᠠᠵᠤ ᠠᠬᠤᠶᠢᠯᠠᠯ ᠤᠨ ᠳᠤᠲᠤᠷ᠎ᠠ᠂ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠠᠵᠤ ᠠᠬᠤᠶᠢᠯᠠᠯ 6 ᠪᠠᠶᠢᠵᠤ᠂ ᠨᠢᠭᠡᠨᠲᠡ ᠵᠢᠯ ᠳᠤ 7.4 ᠲᠦᠮᠡᠨ ᠲᠣᠨ ᠤ ᠨᠢᠯᠬ᠎ᠠ ᠬᠡᠤᠭᠡᠳ ᠤᠨ ᠨᠠᠶᠢᠷᠠᠯᠭᠠᠲᠤ ᠰᠦᠨ ᠲᠠᠯᠬ᠎ᠠ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠠᠢ᠃      ᠥᠪᠥᠷ ᠮᠣᠩᠭᠤᠯ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠠᠷᠠᠳ ᠤᠨ ︽ᠢᠳᠡᠭᠡᠨ ᠤ ᠠᠮᠤᠷ ᠲᠦᠪᠰᠢᠨ ᠤ ᠬᠠᠤᠯᠢ︾ ᠪᠤᠯᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︽ᠳᠦᠷᠪᠡᠨ ᠪᠠᠶᠢᠬᠤ ᠬᠤᠶᠠᠷ ᠬᠠᠷᠢᠭᠤᠴᠠᠯᠭ᠎ᠠ︾᠎ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠵᠤ ᠪᠠᠶᠢᠨ᠎ᠠ᠃ ᠪᠤᠷᠤᠯᠠᠭᠤᠯᠭ᠎ᠠ ᠶᠢᠨ ᠲᠠᠯ᠎ᠠ ᠪᠠᠷ᠂ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢ ᠡᠮ ᠤᠨ ᠳᠡᠯᠭᠡᠭᠦᠷ ᠢᠶᠠᠷ ᠬᠤᠳᠠᠯᠳᠤᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠪᠣᠷᠣᠯᠠᠭᠤᠯᠬᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠠ᠃      ᠥᠪᠥᠷ ᠮᠣᠩᠭᠤᠯ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠶᠢᠨ ᠎ ᠬᠢᠨ ᠢᠯᠡᠷᠭᠡᠶᠢᠯᠡᠭᠰᠡᠨ ᠨᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠪᠣᠷᠣᠯᠠᠭᠤᠯᠬᠤ ᠵᠠᠭᠪᠤᠷᠰᠢᠯ ᠢ ᠨᠢᠭᠡᠳᠦᠯᠲᠠᠢ ᠵᠢᠷᠤᠮᠵᠢᠭᠤᠯᠬᠤ ᠱᠠᠭᠠᠷᠳᠠᠯᠭ᠎ᠠ ᠪᠤᠯᠤᠨ ︽ᠡᠮ ᠤᠨ ᠵᠦᠢᠯ ᠢ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ︾᠎ ᠢᠶᠠᠷ ᠯᠠᠪᠯᠠᠯᠲᠠ ᠪᠤᠯᠭᠠᠨ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢ ᠬᠠᠮᠢᠶᠠᠷᠴᠤ᠂ ᠠᠰᠠᠭᠤᠳᠠᠯ ᠲᠠᠢ ᠪᠠᠶᠢᠪᠠᠯ ᠤᠷᠢᠳᠠᠪᠠᠷ ᠲᠦᠯᠤᠵᠤ ᠦᠭᠭᠦᠨ᠎ᠡ᠃ ᠣᠳᠣᠬᠠᠨ ᠳᠤ ᠪᠥᠬᠦ ᠣᠷᠣᠨ ᠳᠤ 508 ᠲᠤᠷᠰᠢᠯᠲᠠ ᠶᠢᠨ ᠡᠮ ᠤᠨ ᠳᠡᠯᠭᠡᠭᠦᠷ ᠢ ᠲᠤᠭᠲᠠᠭᠠᠨ ᠵᠦᠪᠰᠢᠶᠡᠷᠡᠪᠡ᠃      ᠣᠶᠢᠯᠠᠭᠠᠭᠰᠠᠨ ᠢᠶᠠᠷ᠂ ᠡᠮ ᠤᠨ ᠳᠡᠯᠭᠡᠭᠦᠷ ᠲᠤ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠪᠣᠷᠣᠯᠠᠭᠤᠯᠬᠤ ᠳᠤ᠂ ᠥᠪᠥᠷ ᠮᠣᠩᠭᠤᠯ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠬᠢᠷᠢ ᠭᠡᠮ ᠢ ᠨᠢ ᠴᠢᠩᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢ ᠡᠮ ᠤᠨ ᠳᠡᠯᠭᠡᠭᠦᠷ ᠠᠴᠠ ᠬᠤᠳᠠᠯᠳᠤᠨ ᠠᠪᠤᠭᠰᠠᠨ ᠬᠡᠷᠡᠭᠯᠡᠭᠴᠢᠳ ᠲᠤ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠡᠯᠧᠺᠲᠷᠣᠨ ᠦᠭᠰᠦᠨ ᠨᠡᠭᠡᠮᠵᠢᠯᠡᠬᠦ ᠺᠠᠷᠲ ᠢ ᠬᠢᠵᠤ ᠦᠭᠴᠦ᠂ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠪᠤᠷᠤᠯᠠᠭᠤᠯᠭ᠎ᠠ ᠶᠢᠨ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠵᠦ᠂ ᠺᠠᠷᠲ ᠲᠤ ᠬᠡᠷᠡᠭᠯᠡᠭᠴᠢᠳ ᠤᠨ ᠨᠡᠷ᠎ᠡ᠂ ᠬᠠᠶ᠋ᠢᠭ᠂ ᠤᠲᠠᠰᠤ᠂ ᠬᠤᠳᠠᠯᠳᠤᠨ ᠠᠪᠤᠭᠰᠠᠨ ᠴᠠᠭ ᠬᠤᠭᠤᠴᠠᠭ᠎ᠠ᠂ ᠲᠤᠭ᠎ᠠ ᠬᠡᠮᠵᠢᠶ᠎ᠡ᠂ ᠰᠦᠨ ᠲᠠᠯᠬ᠎ᠠ ᠶᠢᠨ ᠨᠡᠷᠡᠶᠢᠳᠦᠯ᠂ ᠵᠥᠪᠰᠢᠶᠡᠷᠡᠭᠰᠡᠨ ᠨᠣᠮᠧᠷ ᠵᠡᠷᠭᠡ ᠮᠡᠳᠡᠭᠡ ᠵᠠᠩᠭᠢ ᠶᠢ ᠨᠠᠷᠢᠨ ᠲᠣᠳᠣᠷᠬᠠᠶ ᠲᠡᠮᠳᠡᠭᠯᠡᠵᠤ᠂ ᠦᠢᠯᠡᠳᠬᠦᠨ ᠤ ᠪᠦᠬᠦ ᠶᠠᠪᠤᠴᠠ ᠶᠢ ᠦᠭᠰᠦᠨ ᠨᠡᠭᠡᠮᠵᠢᠯᠡᠵᠤ ᠪᠤᠯᠬᠤ ᠶᠢ ᠪᠡᠶᠡᠯᠡᠭᠦᠯᠵᠦ᠂ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠶᠠᠰᠤ ᠴᠢᠨᠠᠷ ᠪᠤᠯᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号