ᠤᠯᠠᠭᠠᠨᠬᠠᠳᠠ ᠬᠤᠲᠠ ᠠᠮᠢᠳᠤᠷᠠᠯ ᠤᠨ ᠬᠤᠭ ᠨᠣᠪᠰᠢ ᠶᠢᠨ ᠰᠢᠲᠠᠭᠠᠯᠭᠠᠲᠤ ᠠᠩᠬᠠᠳᠠᠭᠴᠢ ᠴᠠᠬᠢᠯᠭᠠᠨ ᠤ ᠦᠢᠯᠡᠳᠪᠦᠷᠢ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/6/12
     ᠣᠶᠢᠷ᠎ᠠ ᠳᠤ᠂ ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠵᠦᠪᠯᠡᠯ ᠠᠴᠠ ᠣᠶᠢᠯᠠᠭᠠᠵᠤ ᠮᠡᠳᠡᠭᠰᠡᠨ ᠨᠢ᠂ ᠬᠤᠳᠠ ᠶᠢᠨ ᠬᠤᠭ ᠨᠣᠪᠰᠢ ᠶᠢ ᠰᠢᠢᠳᠪᠦᠷᠢᠯᠡᠬᠦ ᠬᠡᠷᠡᠭᠴᠡᠭᠡ ᠶᠢ ᠬᠠᠩᠭᠠᠵᠤ᠂ ᠤᠯᠠᠭᠠᠨᠬᠠᠳᠠ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠤᠯᠠᠭᠠᠨᠬᠠᠳᠠ ᠬᠤᠲᠠ 1 ᠰᠠᠭᠤᠷᠢ ᠠᠮᠢᠳᠤᠷᠠᠯ ᠤᠨ ᠬᠤᠭ ᠨᠣᠪᠰᠢ ᠶᠢᠨ ᠰᠢᠲᠠᠭᠠᠯᠭᠠᠲᠤ ᠴᠠᠬᠢᠯᠭᠠᠨ ᠤ ᠦᠢᠯᠡᠳᠪᠦᠷᠢ ᠶᠢ ᠰᠢᠨ᠎ᠡ ᠪᠠᠷ ᠪᠠᠶᠢᠭᠤᠯᠬᠤ ᠭᠡᠵᠦ ᠪᠤᠢ᠂ ᠡᠨᠡ ᠨᠢ ᠤᠯᠠᠭᠠᠨᠬᠠᠳᠠ ᠬᠤᠲᠠ ᠶᠢᠨ ᠣᠳᠣᠬᠢᠴᠢᠯᠠᠭᠰᠠᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠰᠢᠲᠠᠭᠠᠯᠭᠠᠲᠤ ᠠᠩᠬᠠᠳᠠᠭᠴᠢ ᠴᠠᠬᠢᠯᠭᠠᠨ ᠤ ᠦᠢᠯᠡᠳᠪᠦᠷᠢ ᠪᠤᠯᠤᠨ᠎ᠠ᠃ ᠣᠳᠣᠬᠠᠨ ᠳᠤ᠂ ᠲᠤᠰ ᠪᠠᠷᠢᠯᠭ᠎ᠠ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠪᠡᠯᠡᠳᠬᠡᠯ ᠠᠵᠢᠯ ᠪᠦᠬᠦ ᠲᠠᠯ᠎ᠠ ᠪᠠᠷ ᠡᠬᠢᠯᠡᠵᠦ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠᠷ ᠨᠢᠭᠡᠨᠲᠡ ᠵᠠᠷ ᠨᠡᠶᠢᠲᠡᠯᠡᠵᠦ᠂ ᠨᠡᠶᠢᠭᠡᠮ ᠨᠡᠶᠢᠲᠡ ᠠᠴᠠ ᠰᠠᠨᠠᠯ ᠬᠤᠷᠢᠶᠠᠵᠤ ᠪᠤᠢ᠃      ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭᠠᠨ ᠤ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠤᠯᠠᠭᠠᠨᠬᠠᠳᠠ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠭᠤᠤᠯ ᠠᠷᠭ᠎ᠠ ᠮᠠᠶ᠋ᠢᠭ ᠨᠢ ᠳᠦᠭᠦᠮᠬᠡᠨ ᠪᠤᠯᠠᠵᠤ ᠬᠠᠶᠠᠬᠤ ᠪᠤᠢ᠂ ᠤᠳᠤ ᠶᠢᠨ ᠬᠤᠩᠱᠠᠨ ᠲᠣᠭᠤᠷᠢᠭ ᠤᠨ ᠴᠢᠦᠶ ᠵᠢᠶᠠ ᠭᠧᠤ ᠪᠣᠯᠤᠨ ᠶᠤᠸᠠᠨ ᠪᠦᠦ ᠱᠠᠨ ᠲᠣᠭᠤᠷᠢᠭ ᠤᠨ ᠾᠸᠢ ᠱᠠᠨ ᠤ ᠠᠮᠢᠳᠤᠷᠠᠯ ᠤᠨ ᠬᠤᠭ ᠨᠣᠪᠰᠢ ᠪᠤᠯᠠᠬᠤ 2 ᠲᠠᠯᠠᠪᠤᠷ ᠨᠢ᠂ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠡᠳᠦᠷ ᠲᠤ 730 ᠭᠠᠷᠤᠶ ᠲᠣᠨ ᠰᠢᠢᠳᠪᠦᠷᠢᠯᠡᠵᠦ᠂ ᠴᠥᠮ ᠠᠴᠢᠶᠠᠨ ᠠᠴᠠ ᠬᠡᠲᠦᠷᠡᠭᠦᠯᠦᠨ ᠠᠵᠢᠯᠯᠠᠭᠤᠯᠬᠤ ᠪᠠᠶᠢᠨ᠎ᠠ᠃ ᠡᠶᠢᠮᠦ ᠠᠴᠠ᠂ ᠬᠤᠲᠠ ᠶᠢᠨ ᠬᠤᠭ ᠨᠣᠪᠰᠢ ᠰᠢᠢᠳᠪᠦᠷᠢᠯᠡᠬᠦ ᠬᠡᠷᠡᠭᠴᠡᠭᠡ ᠶᠢ ᠬᠠᠩᠭᠠᠵᠤ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠬᠡᠮᠵᠢᠶ᠎ᠡ ᠶᠢ ᠪᠠᠭᠠᠰᠬᠠᠵᠤ᠂ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ᠂ ᠤᠯᠠᠭᠠᠨᠬᠠᠳᠠ ᠬᠤᠲᠠ 1 ᠰᠠᠭᠤᠷᠢ ᠠᠮᠢᠳᠤᠷᠠᠯ ᠤᠨ ᠬᠤᠭ ᠨᠣᠪᠰᠢ ᠶᠢᠨ ᠰᠢᠲᠠᠭᠠᠯᠭᠠᠲᠤ ᠴᠠᠬᠢᠯᠭᠠᠨ ᠤ ᠦᠢᠯᠡᠳᠪᠦᠷᠢ ᠪᠠᠶᠢᠭᠤᠯᠬᠤ ᠭᠡᠵᠦ ᠪᠤᠢ᠃ ᠭᠤᠤᠯᠳᠠᠭᠤ ᠬᠤᠭ ᠨᠣᠪᠰᠢ ᠰᠢᠲᠠᠭᠠᠬᠤ ᠰᠢᠰᠲ᠋ᠧᠮ᠂ ᠲᠦᠯᠡᠰᠢ ᠬᠠᠩᠭᠠᠬᠤ ᠰᠢᠰᠲ᠋ᠧᠮ᠂ ᠤᠲᠤᠭ᠎ᠠ ᠠᠭᠤᠷ ᠴᠡᠪᠡᠷᠵᠢᠭᠦᠯᠬᠦ ᠪᠠ ᠨᠡᠭᠦᠷᠡᠰᠦᠨ ᠤ ᠦᠨᠡᠰᠦ ᠶᠢᠨ ᠬᠠᠲᠠᠭᠤᠷᠠᠯᠲᠠ ᠶᠢᠨ ᠰᠢᠰᠲ᠋ᠧᠮ᠂ ᠤᠰᠤ ᠰᠢᠢᠳᠪᠦᠷᠢᠯᠡᠬᠦ ᠰᠢᠰᠲ᠋ᠧᠮ᠂ ᠴᠠᠬᠢᠯᠭᠠᠨ ᠬᠡᠢ ᠶᠢᠨ ᠰᠢᠰᠲ᠋ᠧᠮ᠂ ᠳᠠᠭᠠᠯᠲᠠ ᠦᠢᠯᠡᠳᠪᠦᠷᠢᠯᠡᠯ ᠵᠡᠷᠭᠡ ᠢᠨᠵᠧᠨᠧᠷᠢᠩ ᠢ ᠪᠠᠶᠢᠭᠤᠯᠬᠤ ᠪᠠᠷ ᠳᠠᠮᠵᠢᠭᠤᠯᠤᠨ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠬᠤᠣᠷ ᠦᠭᠡᠶᠢᠵᠢᠭᠦᠯᠬᠦ ᠪᠠ ᠡᠬᠢ ᠪᠠᠶᠠᠯᠢᠭᠵᠢᠭᠤᠯᠬᠤ ᠶᠢ ᠪᠡᠶᠡᠯᠡᠭᠦᠯᠦᠨ᠎ᠡ᠃ ᠲᠤᠰ ᠲᠥᠷᠥᠯ ᠵᠦᠢᠯ ᠤᠨ ᠵᠢᠷᠤᠵᠤ ᠲᠦᠯᠦᠪᠯᠡᠭᠰᠡᠨ ᠴᠢᠳᠠᠪᠤᠷᠢ ᠨᠢ ᠪᠠᠷᠤᠭ ᠡᠳᠦᠷ ᠲᠤ 1200 ᠲᠣᠨ ᠬᠤᠭ ᠨᠣᠪᠰᠢ ᠶᠢ ᠰᠢᠢᠳᠪᠦᠷᠢᠯᠡᠵᠦ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠠᠷᠢᠵᠤ ᠪᠠᠷᠠᠭᠰᠠᠨ ᠤ ᠲᠠᠷᠠᠭ᠎ᠠ᠂ ᠡᠳᠦᠷ ᠲᠤ ᠰᠢᠢᠳᠪᠦᠷᠢᠯᠡᠬᠦ ᠬᠤᠭ ᠨᠣᠪᠰᠢ ᠨᠢ 800 ᠲᠣᠨ᠂ ᠵᠢᠯ ᠤᠨ ᠰᠢᠢᠳᠪᠦᠷᠢᠯᠡᠬᠦ ᠬᠤᠭ ᠨᠣᠪᠰᠢ ᠨᠢ 29.2 ᠲᠦᠮᠡᠨ ᠲᠣᠨ ᠠᠴᠠ ᠳᠡᠭᠡᠭᠰᠢ ᠪᠠᠶᠢᠯᠭᠠᠨ᠎ᠠ᠃ ᠡᠭᠦᠨ ᠤ ᠬᠠᠮᠲᠤ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢ 2 ᠰᠢᠲᠠᠭᠠᠬᠤ ᠱᠤᠭᠤᠮ ᠲᠤᠬᠢᠷᠠᠭᠤᠯᠵᠤ᠂ ᠦᠯᠡᠳᠡᠭᠳᠡᠯ ᠢᠯᠴᠢ ᠶᠢᠨ ᠵᠤᠤᠬ᠎ᠠ ᠪᠠ ᠴᠠᠷᠴᠠᠮᠠᠯ ᠬᠡᠢ ᠶᠢᠨ ᠠᠭᠤᠷ ᠤᠨ ᠬᠦᠷᠳᠦᠲᠦ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠡᠷᠭᠡ ᠨᠢ ᠬᠤᠭ ᠨᠣᠪᠰᠢ ᠰᠢᠲᠠᠭᠠᠭᠰᠠᠨ ᠢᠯᠴᠢ ᠪᠠᠷ ᠴᠠᠬᠢᠯᠭᠠᠨ ᠭᠠᠷᠭᠠᠵᠤ᠂ ᠵᠢᠱᠢᠯᠲᠡ ᠪᠠᠷ ᠪᠦᠬᠦ ᠵᠢᠯ ᠳᠤ ᠪᠠᠷᠤᠭ 1.09 × 108 ᠮᠢᠩᠭᠠᠨ ᠸᠠᠲ ᠴᠠᠬᠢᠯᠭᠠᠨ ᠭᠠᠷᠭᠠᠨ᠎ᠠ᠃      ᠣᠶᠢᠯᠠᠭᠠᠭᠰᠠᠨ ᠢᠶᠠᠷ᠂ ᠡᠨᠡ ᠬᠦ ᠪᠠᠷᠢᠯᠭ᠎ᠠ ᠨᠢ ᠤᠯᠠᠭᠠᠨᠬᠠᠳᠠ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠰᠢᠢᠳᠪᠦᠷᠢᠯᠡᠯᠲᠡ ᠶᠢ ᠶᠡᠬᠡᠪᠡᠷ ᠳᠡᠭᠡᠭᠰᠢᠯᠡᠭᠦᠯᠵᠦ᠂ ᠬᠤᠳᠠ ᠶᠢᠨ ᠬᠤᠭ ᠨᠣᠪᠰᠢ ᠶᠢᠨ ᠬᠤᠶᠠᠳᠠᠬᠢ ᠪᠤᠬᠢᠷᠳᠤᠯ ᠢ ᠤᠯᠠᠮ ᠨᠢᠭᠡ ᠠᠯᠬᠤᠮ ᠪᠠᠭᠠᠰᠬᠠᠬᠤ ᠶᠢᠨ ᠬᠠᠮᠲᠤ ᠴᠠᠬᠢᠯᠭᠠᠨ ᠭᠠᠷᠭᠠᠵᠤ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠵᠦ᠂ ᠨᠢᠭᠡ ᠯᠡ ᠳᠡᠭᠡᠷ᠎ᠡ ᠬᠤᠶᠠᠷ ᠵᠦᠢᠯ ᠢ ᠪᠦᠲᠦᠭᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号