︽ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠬᠡᠷᠡᠭᠵᠢᠬᠦᠯᠬᠦ ᠠᠷᠭ᠎ᠠ︾ ᠪᠤᠯᠤᠨ ︽ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠶᠠᠮᠤᠨ ᠤ ᠠᠯᠪᠠᠨ ᠵᠠᠷ︾ ︵164 ᠳ᠋ᠤᠭᠡᠷ | ᠳᠤᠭᠠᠳᠤ︶ ᠢ ᠦᠨᠳᠤᠰᠤᠯᠡᠨ᠂ ᠤᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2016 ᠤᠨ ᠤ | ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠬᠠᠮᠢᠶ᠎ᠠ ᠪᠦᠬᠦᠢ ᠶᠠᠪᠤᠳᠠᠯ ᠤᠨ ᠳᠤᠬᠠᠢ ᠳᠤᠤᠷᠡᠬᠢ ᠮᠡᠳᠤ | ᠠᠯᠪᠠᠨ ᠵᠠᠷ ᠨᠠᠶᠢᠳᠡᠯᠡᠰᠤᠬᠡᠢ᠄ | ᠨᠢᠭᠡ᠂ ᠨᠡᠷ᠎ᠠ ᠮᠡᠳᠡᠬᠦᠯᠬᠦ | ︵ᠨᠢᠭᠡ︶ ᠨᠡᠷ᠎ᠠ ᠮᠡᠳᠡᠬᠦᠯᠬᠦ ᠨᠦᠬᠦᠴᠡᠯ | 1᠂ ᠳᠤᠤᠷᠡᠬᠢ ᠨᠦᠬᠦᠴᠡᠯ ᠳᠤ ᠨᠡᠶᠢᠴᠡᠭᠰᠡᠳ᠂ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠳᠤ ᠨᠡᠷ᠎ᠠ | ᠮᠡᠳᠡᠬᠦᠯᠤᠨ ᠤᠷᠤᠯᠴᠠᠵᠦ ᠪᠤᠯᠤᠨ᠎ᠠ᠄ | ︵1︶ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ︔ | ︵2︶ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠤᠰᠤᠨ ᠬᠠᠤᠯᠢ︾ ᠶᠢ | ᠬᠦᠷᠢᠶᠡᠯᠡᠵᠦ᠂ ᠰᠤᠩᠭᠤᠬᠤ ᠪᠠ ᠰᠤᠩᠭᠤᠭᠳᠠᠬᠤ ᠡᠷᠭᠡ ᠲᠠᠢ︔ | ︵3︶ ᠪᠦᠷᠢᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠲᠠᠢ︔ | ︵4︶ ᠶᠡᠭᠡ ᠳᠡᠭᠡᠳᠤ ᠰᠤᠷᠭᠠᠭᠤᠯᠢ ᠶᠢᠨ ᠬᠠᠤᠯᠢ ᠴᠠᠭᠠᠵᠠ ᠶᠢᠨ ᠳᠤᠰᠬᠠᠢ ᠮᠡᠷᠭᠡᠵᠢᠯ ᠤᠨ ᠵᠢᠩᠬᠢᠨᠢ | ᠠᠩᠬᠢ ᠠᠴᠠ ᠳᠡᠬᠦᠰᠦᠭᠰᠡᠨ ᠪᠤᠶᠤ ᠶᠡᠭᠡ ᠳᠡᠭᠡᠳᠤ ᠰᠤᠷᠭᠠᠭᠤᠯᠢ ᠶᠢᠨ ᠬᠠᠤᠯᠢ ᠴᠠᠭᠠᠵᠠ ᠶᠢᠨ ᠪᠣᠰᠣ ᠳᠤᠰᠬᠠᠢ | ᠮᠡᠷᠭᠡᠵᠢᠯ ᠤᠨ ᠵᠢᠩᠬᠢᠨᠢ ᠠᠩᠬᠢ ᠠᠴᠠ ᠳᠡᠬᠦᠰᠬᠦ ᠶᠢᠨ ᠬᠠᠮᠳᠣ ᠬᠠᠤᠯᠢ ᠴᠠᠭᠠᠵᠠ ᠶᠢᠨ ᠳᠣᠰᠬᠠᠢ ᠮᠡᠷᠭᠡᠵᠢᠯ ᠤᠨ | ᠮᠡᠳᠡᠯᠭᠡ ᠲᠠᠢ︔ | ︵5︶ ᠵᠠᠩ ᠰᠤᠷᠳᠠᠯ ᠰᠠᠶᠢᠨ᠃ | 2᠂ ᠳᠤᠤᠷᠡᠬᠢ ᠦᠢᠯᠡ ᠪᠠᠶᠢᠳᠠᠯ ᠤᠨ ᠨᠢᠭᠡ ᠨᠢ ᠪᠠᠶᠢᠬᠤ ᠬᠦᠮᠦᠨ᠂ ᠤᠯᠤᠰ ᠤᠨ ᠬᠠᠤᠯᠢ ᠴᠠᠭᠠᠵᠠ ᠶᠢᠨ | ᠰᠢᠯᠭᠠᠯᠳᠠ ᠳᠤ ᠨᠡᠷ᠎ᠠ ᠮᠡᠳᠡᠬᠦᠯᠤᠨ ᠤᠷᠤᠯᠴᠠᠵᠦ ᠪᠤᠯᠬᠤ ᠦᠭᠡᠢ᠂ ᠨᠢᠭᠡᠨᠳᠡ ᠨᠡᠷ᠎ᠠ ᠮᠡᠳᠡᠬᠦᠯᠬᠦ ᠭᠠᠷ ᠬᠦᠢᠴᠡᠳᠬᠡᠯ | ᠬᠢᠭᠰᠡᠨ ᠪᠠᠶᠢᠪᠠᠯ᠂ ᠨᠡᠷ᠎ᠠ ᠮᠡᠳᠡᠬᠦᠯᠦᠭᠰᠡᠨ ᠨᠢ ᠬᠦᠴᠦᠨ ᠦᠭᠡᠢ᠄ | ︵1︶ ᠵᠤᠷᠢᠭᠤᠳᠠ ᠶᠠᠯ᠎ᠠ ᠬᠢᠭᠰᠡᠨ ᠠᠴᠠ ᠪᠤᠯᠵᠦ ᠡᠷᠡᠬᠦᠦ ᠶᠢᠨ ᠬᠡᠷᠡᠭ ᠤᠨ ᠰᠢᠳᠬᠡᠯ ᠤᠯᠤᠭᠰᠠᠨ ᠪᠠᠶᠢᠪᠠᠯ︔ | ︵2︶ ᠤᠯᠤᠰ ᠤᠨ ᠪᠠᠶᠢᠭᠤᠯᠤᠯᠭ᠎ᠠ ᠶᠢᠨ ᠠᠯᠪᠠᠨ ᠳᠤᠰᠢᠶᠠᠯ ᠠᠴᠠ ᠪᠠᠨ ᠬᠦᠭᠡᠭᠡᠭᠳᠡᠵᠦ ᠦᠩᠭᠡᠷᠡᠭᠰᠡᠨ ᠪᠤᠶᠤ | ᠬᠠᠤᠯᠢᠴᠢ ᠶᠢᠨ ᠳᠤᠬᠠᠢᠢᠯᠠᠭᠰᠠᠨ ᠠᠵᠢᠯ ᠡᠷᠬᠢᠯᠡᠬᠦ ᠦᠨᠡᠮᠯᠡᠯ᠂ ᠠᠯᠪᠠᠨ ᠭᠡᠷᠡᠴᠢᠯᠡᠭᠴᠢ ᠶᠢᠨ ᠳᠤᠬᠠᠢᠢᠯᠠᠭᠰᠠᠨ ᠠᠵᠢᠯ | ᠡᠷᠬᠢᠯᠡᠬᠦ ᠦᠨᠡᠮᠯᠡᠯ ᠢᠶᠠᠨ ᠬᠦᠴᠦᠨ ᠦᠭᠡᠢ ᠪᠤᠯᠭᠠᠭᠳᠠᠭᠰᠠᠨ ᠪᠠᠶᠢᠪᠠᠯ︔ | ︵3︶ ᠬᠤᠶᠠᠷ ᠵᠢᠯ ᠤᠨ ᠳᠤᠳᠤᠷ᠎ᠠ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠳᠤ ᠨᠡᠷ᠎ᠠ ᠮᠡᠳᠡᠬᠦᠯᠤᠨ | ᠤᠷᠤᠯᠴᠠᠵᠦ ᠦᠯᠦ ᠪᠤᠯᠬᠤ ᠪᠠᠷ ᠰᠢᠳᠬᠡᠭᠳᠡᠭᠡᠳ ᠬᠤᠭᠤᠴᠠᠭ᠎ᠠ ᠨᠢ ᠲᠦᠬᠦᠷᠤᠬᠡ ᠦᠭᠡᠢ ᠪᠤᠶᠤ ᠨᠠᠰᠤᠨ ᠳᠤᠷᠰᠢᠳᠠ | ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠳᠤ ᠨᠡᠷ᠎ᠠ ᠮᠡᠳᠡᠬᠦᠯᠤᠨ ᠤᠷᠤᠯᠴᠠᠵᠦ ᠦᠯᠦ ᠪᠤᠯᠬᠤ ᠪᠠᠷ | ᠰᠢᠳᠬᠡᠭᠳᠡᠭᠰᠡᠨ ᠪᠠᠶᠢᠪᠠᠯ︔ | ︵4︶ ᠬᠤᠳᠠᠯ ᠬᠠᠭᠤᠷᠮᠠᠭ ᠭᠡᠷᠡᠴᠢ ᠪᠠᠷᠢᠮᠳᠠ ᠶᠢᠨ ᠮᠠᠲ᠋ᠧᠷᠢᠶᠠᠯ ᠬᠠᠩᠭᠠᠭᠰᠠᠨ ᠪᠤᠶᠤ ᠪᠤᠰᠤᠳ ᠬᠡᠯᠪᠡᠷᠢ ᠪᠠᠷ | ᠮᠡᠬᠡᠯᠡᠨ ᠨᠡᠷ᠎ᠠ ᠮᠡᠳᠡᠬᠦᠯᠦᠭᠰᠡᠨ ᠪᠠᠶᠢᠪᠠᠯ᠃ | 3᠂ ᠨᠢᠭᠡᠨᠳᠡ A ᠲᠦᠷᠦᠯ ᠤᠨ ᠬᠠᠤᠯᠢ ᠴᠠᠭᠠᠵᠠ ᠶᠢᠨ ᠳᠣᠬᠠᠢᠢᠯᠠᠭᠰᠠᠨ ᠠᠵᠢᠯ ᠤᠨ ᠬᠢᠷᠢ ᠭᠡᠮ ᠤᠨ | ᠦᠨᠡᠮᠯᠡᠯ ᠣᠯᠣᠭᠰᠠᠳ᠂ ᠨᠢᠭᠡᠨᠳᠡ B ᠲᠦᠷᠦᠯ ᠤᠨ ᠬᠠᠤᠯᠢ ᠴᠠᠭᠠᠵᠠ ᠶᠢᠨ ᠳᠣᠬᠠᠢᠢᠯᠠᠭᠰᠠᠨ ᠠᠵᠢᠯ ᠤᠨ ᠬᠢᠷᠢ | ᠭᠡᠮ ᠤᠨ ᠦᠨᠡᠮᠯᠡᠯ ᠣᠯᠣᠭᠰᠠᠨ ᠪᠣᠯᠪᠠᠴᠣ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠡᠭᠰᠢᠬᠢ | ᠰᠣᠷᠭᠠᠭᠤᠯᠢ ᠲᠡᠭᠦᠰᠦᠭᠰᠡᠨ ᠦᠨᠡᠮᠯᠡᠯ ᠣᠯᠤᠭ᠎ᠠ ᠦᠭᠡᠢ ᠬᠦᠮᠦᠰ ᠲᠠᠬᠢᠨᠳᠠ ᠤᠯᠤᠰ ᠤᠨ ᠬᠠᠤᠯᠢ ᠴᠠᠭᠠᠵᠠ ᠶᠢᠨ | ᠰᠢᠯᠭᠠᠯᠳᠠ ᠳᠤ ᠤᠷᠤᠯᠴᠠᠵᠤ ᠪᠤᠯᠬᠤ ᠦᠭᠡᠢ᠃ | ︵ᠬᠤᠶᠠᠷ︶ ᠨᠡᠷ᠎ᠠ ᠮᠡᠳᠡᠭᠦᠯᠬᠦ ᠲᠦᠷᠦ ᠶᠢᠨ ᠪᠤᠳᠤᠯᠭ᠎ᠠ ᠶᠢᠨ ᠨᠦᠬᠦᠴᠡᠯ ᠪᠤᠯᠤᠨ ᠱᠠᠭᠠᠷᠳᠠᠯᠭ᠎ᠠ | 1᠂ ᠨᠡᠷ᠎ᠠ ᠮᠡᠳᠡᠭᠦᠯᠦᠭᠰᠡᠳ ᠤᠨ ᠡᠷᠦᠭᠡ ᠠᠮᠠ ᠶᠢᠨ ᠬᠠᠷᠢᠶ᠎ᠠ ᠨᠢ ᠨᠠᠷᠠ ᠮᠡᠳᠡᠭᠦᠯᠬᠦ ᠰᠤᠷᠤᠯᠭ᠎ᠠ ᠶᠢᠨ | ᠨᠠᠮᠳᠠᠷ ᠤᠨ ᠨᠦᠬᠦᠴᠡᠯ ᠢ ᠠᠭᠤᠵᠢᠭᠤ ᠳᠠᠯᠪᠢᠬᠤ ᠭᠠᠵᠠᠷ ᠣᠷᠣᠨ ᠤ ᠬᠢ ᠪᠣᠯ᠂ ᠨᠡᠷ᠎ᠠ ᠮᠡᠳᠡᠭᠦᠯᠬᠦ ᠰᠤᠷᠤᠯᠭ᠎ᠠ ᠶᠢᠨ | ᠨᠠᠮᠳᠠᠷ ᠤᠨ ᠨᠦᠬᠦᠴᠡᠯ ᠢ ᠶᠡᠭᠡ ᠲᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠠᠩᠬᠢ | ᠪᠣᠯᠭᠠᠨ ᠠᠭᠤᠵᠢᠭᠤ ᠳᠠᠯᠪᠢᠨ᠎ᠠ᠃ ᠨᠡᠷ᠎ᠠ ᠮᠡᠳᠡᠭᠦᠯᠬᠦ ᠰᠤᠷᠤᠯᠭ᠎ᠠ ᠶᠢᠨ ᠨᠠᠮᠳᠠᠷ ᠢ ᠠᠭᠤᠵᠢᠭᠤ ᠳᠠᠯᠪᠢᠬᠤ ᠨᠦᠬᠦᠴᠡᠯ ᠢ | ᠳᠣᠬᠢᠷᠠᠭᠤᠯᠣᠨ ᠬᠡᠷᠡᠭᠯᠡᠬᠦ ᠳᠡᠭᠡᠨ ᠨᠡᠷ᠎ᠠ ᠮᠡᠳᠡᠭᠦᠯᠦᠭᠰᠡᠳ ᠤᠨ ᠨᠠᠷᠠ ᠮᠡᠳᠡᠭᠦᠯᠬᠦ ᠦᠶ᠎ᠠ ᠶᠢᠨ ᠡᠷᠦᠭᠡ ᠠᠮᠠ ᠶᠢᠨ | ᠳᠠᠩᠰᠠ ᠪᠠᠷ ᠪᠠᠷᠢᠮᠵᠢᠶ᠎ᠠ ᠪᠤᠯᠭᠠᠨ᠎ᠠ᠃ ᠨᠡᠷ᠎ᠠ ᠮᠡᠳᠡᠭᠦᠯᠬᠦ ᠰᠤᠷᠤᠯᠭ᠎ᠠ ᠶᠢᠨ ᠨᠠᠮᠳᠠᠷ ᠢ ᠠᠭᠤᠵᠢᠭᠤ ᠪᠣᠯᠭᠠᠬᠤ | ᠨᠦᠬᠦᠴᠡᠯ ᠲᠠᠢ ᠭᠠᠵᠠᠷ ᠣᠷᠣᠨ ᠪᠤᠯᠤᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠬᠦᠷᠢᠶ᠎ᠠ ᠬᠡᠪᠴᠢᠶ᠎ᠠ ᠶᠢ | ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ᠶᠢᠨ ᠦᠷᠳᠡᠭᠡ ᠠᠴᠠ ᠪᠠᠶᠢᠴᠠᠭᠠᠨ ᠯᠠᠪᠯᠠᠵᠤ ᠪᠤᠯᠤᠨ᠎ᠠ᠃ ᠡᠷᠦᠭᠡ | ᠠᠮᠠ ᠶᠢᠨ ᠳᠠᠩᠰᠠ ᠨᠢ ᠮᠠᠨ ᠤ ᠤᠷᠤᠨ ᠤ ᠬᠠᠷᠢᠶ᠎ᠠ ᠬᠤᠰᠢᠭᠤ᠂ ᠰᠢᠶᠠᠨ ︵ᠰᠢᠶᠠᠨ ᠤ ᠲᠠᠰ ᠤᠨ ᠬᠤᠳᠠ᠂ | ᠲᠤᠭᠤᠷᠢᠭ︶ ᠳᠤ ᠪᠠᠶᠢᠭ᠎ᠠ ᠬᠦᠮᠦᠰ ᠪᠣᠯ᠂ ᠨᠠᠷᠠ ᠮᠡᠳᠡᠭᠦᠯᠬᠦ ᠰᠤᠷᠤᠯᠭ᠎ᠠ ᠶᠢᠨ ᠨᠠᠮᠳᠠᠷ ᠤᠨ ᠨᠦᠬᠦᠴᠡᠯ ᠢ ᠶᠡᠭᠡ | ᠲᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠶᠡᠭᠡ ᠰᠣᠷᠭᠠᠭᠤᠯᠢ ᠶᠢᠨ ᠳᠣᠰᠬᠠᠢ | ᠮᠡᠷᠭᠡᠵᠢᠯ ᠤᠨ ᠠᠩᠬᠢ ᠶᠢᠨ ᠰᠤᠷᠤᠯᠭ᠎ᠠ ᠶᠢᠨ ᠨᠠᠮᠳᠠᠷ ᠢᠶᠠᠷ ᠠᠭᠤᠵᠢᠭᠤ ᠳᠠᠯᠪᠢᠨ᠎ᠠ᠃ | 2᠂ ᠡᠩ ᠤᠨ ᠶᠡᠭᠡ ᠲᠡᠭᠡᠳᠦ ᠰᠤᠷᠭᠠᠭᠤᠯᠢ ᠶᠢᠨ 2017 ᠤᠨ ᠳᠤ ᠲᠡᠭᠦᠰᠬᠦ ᠵᠢᠩᠬᠢᠨᠢ ᠠᠩᠭᠢ ᠶᠢᠨ | ᠤᠶᠤᠳᠠᠳ ᠠᠴᠠ ᠪᠣᠰᠣᠳ ᠨᠡᠷ᠎ᠠ ᠮᠡᠳᠡᠭᠦᠯᠦᠭᠰᠡᠳ ᠢ ᠨᠠᠷᠠ ᠮᠡᠳᠡᠭᠦᠯᠬᠦ ᠦᠶ᠎ᠠ ᠶᠢᠨ ᠵᠣᠬᠢᠴᠠᠩᠭᠤᠢ ᠰᠣᠷᠣᠯᠭ᠎ᠠ | ᠲᠡᠭᠦᠰᠦᠭᠰᠡᠨ ᠦᠨᠡᠮᠯᠡᠯ ᠢᠶᠠᠷ ᠨᠢ ᠪᠠᠷᠢᠮᠵᠢᠶ᠎ᠠ ᠪᠤᠯᠭᠠᠨ᠎ᠠ᠂ ᠰᠣᠷᠭᠠᠭᠤᠯᠢ ᠲᠡᠭᠦᠰᠦᠭᠰᠡᠨ ᠦᠨᠡᠮᠯᠡᠯ ᠢ ᠨᠢ ᠪᠦᠬᠦ | ᠤᠯᠤᠰ ᠤᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢ ᠠᠰᠠᠭᠤᠨ | ᠯᠠᠪᠯᠠᠬᠤ ᠪᠤᠯᠤᠨ ᠠᠵᠢᠯ ᠤᠯᠭᠤᠬᠤ ᠶᠢ ᠵᠢᠯᠤᠭᠤᠳᠬᠤ ᠲᠦᠪ ᠤᠨ ᠰᠦᠯᠵᠢᠶ᠎ᠡ ᠶᠢᠨ ᠦᠷᠳᠡᠭᠡ ᠲᠡᠭᠡᠷ᠎ᠠ ᠠᠴᠠ | ᠪᠠᠶᠢᠴᠠᠭᠠᠨ ᠯᠠᠪᠯᠠᠬᠤ ᠪᠤᠶᠤ ᠭᠡᠷᠡᠴᠢᠯᠡᠭᠡ ᠬᠢᠯᠭᠡᠨ᠎ᠠ᠃ | 3᠂ ᠡᠩ ᠤᠨ ᠶᠡᠭᠡ ᠲᠡᠭᠡᠳᠦ ᠰᠤᠷᠭᠠᠭᠤᠯᠢ ᠶᠢᠨ 2017 ᠤᠨ ᠳᠤ ᠳᠡᠭᠦᠰᠬᠦ ᠵᠢᠩᠬᠢᠨᠢ ᠠᠩᠭᠢ ᠶᠢᠨ | ᠤᠶᠤᠳᠠᠳ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠳᠤ ᠨᠡᠷ᠎ᠡ ᠮᠡᠳᠡᠭᠦᠯᠦᠨ ᠤᠷᠤᠯᠴᠠᠵᠤ ᠪᠤᠯᠤᠨ᠎ᠠ᠃ ᠲᠠᠷᠤᠢ | ᠡᠩ ᠤᠨ ᠶᠡᠭᠡ ᠳᠡᠭᠡᠳᠦ ᠰᠣᠷᠭᠠᠭᠤᠯᠢ ᠶᠢᠨ ᠰᠣᠷᠣᠭᠴᠢ ᠡᠯᠰᠡᠬᠦ ᠪᠦᠬᠦ ᠤᠯᠤᠰ ᠤᠨ ᠨᠢᠭᠡᠳᠦᠯᠳᠡᠢ ᠰᠢᠯᠭᠠᠯᠳᠠ ᠶᠢᠨ | ᠵᠢᠩᠬᠢᠨᠢ ᠠᠩᠬᠢ ᠶᠢᠨ ᠪᠦᠯᠦᠭ ᠲᠤ ᠡᠯᠰᠡᠭᠳᠡᠭᠰᠡᠨ ᠪᠦᠬᠦᠯᠢ ᠡᠳᠦᠷ ᠤᠨ ᠲᠦᠷᠢᠮᠳᠤ ᠡᠩ ᠤᠨ ᠵᠢᠩᠬᠢᠨᠢ ᠠᠩᠭᠢ ᠶᠢᠨ | ᠶᠡᠭᠡ ᠰᠤᠷᠭᠠᠭᠤᠯᠢ ᠪᠤᠯᠤᠨ ᠪᠡᠶ᠎ᠡ ᠪᠠᠨ ᠳᠠᠭᠠᠭᠠᠭᠰᠠᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠰᠣᠷᠣᠯᠴᠠᠵᠣ | ᠪᠠᠶᠢᠭ᠎ᠠ ᠵᠢᠩᠬᠢᠨᠢ ᠠᠩᠭᠢ ᠶᠢᠨ ᠤᠶᠤᠳᠠᠨ ᠪᠣᠯᠬᠤ ᠪᠦᠭᠡᠳ 2017 ᠤᠨ ᠳᠤ ᠲᠡᠭᠦᠰᠬᠦ ᠤᠶᠤᠳᠠᠨ ᠪᠣᠯᠣᠨ᠎ᠠ᠃ | ᠨᠡᠷ᠎ᠠ ᠮᠡᠳᠡᠭᠦᠯᠬᠦ ᠦᠶ᠎ᠠ ᠳᠤ ᠡᠷᠬᠡᠪᠰᠢ ᠰᠤᠷᠤᠯᠴᠠᠵᠤ ᠪᠠᠶᠢᠬᠤ ᠰᠤᠷᠭᠠᠭᠤᠯᠢ ᠶᠢᠨ ᠬᠢᠨᠢ ᠬᠠᠨᠭ᠍ᠭᠠᠭᠰᠠᠨ ᠵᠠᠭᠪᠣᠷᠵᠢᠭᠰᠠᠨ | ᠭᠡᠷᠡᠴᠢᠯᠡᠯ ︵ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ᠠᠴᠠ ᠪᠠᠭᠤᠯᠭᠠᠨ ᠠᠪᠣᠨ᠎ᠠ︶ ᠪᠤᠯᠤᠨ ᠲᠤᠰ ᠬᠦᠮᠦᠨ ᠤ | ᠰᠤᠷᠤᠭᠴᠢ ᠶᠢᠨ ᠦᠨᠡᠮᠯᠡᠯ ᠪᠠᠶᠢᠬᠤ ᠬᠡᠷᠡᠭᠳᠡᠢ᠃ | 4᠂ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠣᠷᠴᠣ ᠰᠢᠯᠭᠠᠭᠤᠯᠬᠤ ᠰᠢᠯᠭᠠᠯᠳᠠ ᠶᠢᠨ | ᠳᠠᠩ ᠬᠢᠴᠢᠶᠠᠯ ᠤᠨ ᠰᠢᠯᠭᠠᠯᠳᠠ ᠨᠢ ᠪᠦᠬᠦᠨ ᠢᠶᠠᠷ ᠢᠶᠠᠨ ᠬᠢᠷᠢ ᠲᠡᠩᠴᠡᠭᠰᠡᠳ᠂ ᠨᠠᠷᠠ ᠮᠡᠳᠡᠬᠦᠯᠬᠦ ᠦᠶ᠎ᠡ ᠳᠤ | ᠡᠷᠬᠡᠪᠰᠢ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠣᠷᠴᠣ ᠰᠢᠯᠭᠠᠭᠤᠯᠣᠭᠰᠠᠳ ᠤᠨ ᠪᠦᠬᠦ | ᠬᠢᠴᠢᠶᠠᠯ ᠤᠨ ᠰᠢᠯᠭᠠᠯᠳᠠ ᠳᠤ ᠬᠢᠷᠢ ᠲᠡᠩᠴᠡᠭᠰᠡᠨ ᠦᠨᠡᠮᠯᠠᠯ ᠪᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠤᠯᠭᠤᠭᠰᠠᠨ ᠰᠤᠷᠤᠯᠭ᠎ᠠ ᠲᠠᠬᠦᠰᠦᠭᠰᠡᠨ ᠦᠨᠡᠮᠯᠠᠯ ᠪᠣᠶᠣ ᠭᠤᠤᠯᠯᠠᠨ ᠰᠢᠯᠭᠠᠭᠰᠠᠨ | ᠰᠤᠷᠭᠠᠭᠤᠯᠢ ᠠᠴᠠ ᠤᠯᠭᠤᠭᠰᠠᠨ ᠵᠠᠭᠪᠣᠷᠵᠢᠭᠰᠠᠨ ᠭᠡᠷᠡᠴᠢᠯᠡᠯ ︵ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ᠶᠢᠨ | ᠦᠷᠳᠡᠭᠡ ᠠᠴᠠ ᠪᠠᠭᠤᠯᠭᠠᠨ ᠠᠪᠴᠣ ᠪᠤᠯᠤᠨ᠎ᠠ︶ ᠪᠠᠶᠢᠬᠤ ᠬᠡᠷᠡᠭᠳᠡᠢ᠃ | 5᠂ ᠨᠢᠭᠡᠨᠳᠠ ᠰᠤᠷᠤᠯᠭ᠎ᠠ ᠪᠠᠨ ᠲᠠᠬᠦᠰᠭᠡᠭᠰᠡᠡ ᠪᠤᠯᠪᠠᠴᠤ ᠰᠣᠷᠣᠯᠭ᠎ᠠ ᠲᠠᠬᠦᠰᠦᠭᠰᠡᠨ ᠦᠨᠡᠮᠯᠠᠯ ᠣᠯᠣᠭᠰᠠᠨ | ᠦᠭᠡᠢ ᠡᠩ ᠤᠨ ᠶᠡᠭᠡ ᠲᠡᠭᠡᠳᠤ ᠰᠤᠷᠭᠠᠭᠤᠯᠢ ᠶᠢᠨ 2016 ᠤᠨ ᠤ ᠲᠤᠰ ᠵᠢᠯ ᠤᠨ ᠵᠢᠩᠬᠢᠨᠢ ᠠᠩᠬᠢ ᠠᠴᠠ | ᠲᠠᠬᠦᠰᠦᠭᠰᠡᠳ ᠪᠠ ᠰᠦᠯᠵᠢᠶᠡᠨ ᠤ ᠰᠣᠷᠭᠠᠨ ᠬᠦᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ᠂ | ᠲᠧᠯᠸᠢᠰ ᠶᠡᠭᠡ ᠰᠤᠷᠭᠠᠭᠤᠯᠢ ᠵᠡᠷᠭᠡ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ 2016 ᠤᠨ ᠤ ᠲᠤᠰ ᠵᠢᠯ ᠤᠨ | ᠵᠢᠩᠬᠢᠨᠢ ᠠᠩᠬᠢ ᠠᠴᠠ ᠲᠠᠬᠦᠰᠦᠭᠰᠡᠳ ᠨᠠᠷᠠ ᠮᠡᠳᠡᠬᠦᠯᠵᠤ ᠪᠤᠯᠤᠨ᠎ᠠ᠃ | 6᠂ ᠰᠢᠯᠭᠠᠯᠳᠠ ᠳᠤ ᠤᠷᠤᠯᠴᠠᠵᠣ ᠬᠢᠷᠢ ᠲᠡᠩᠴᠡᠭᠰᠡᠳ ᠬᠠᠤᠯᠢ ᠴᠠᠭᠠᠵᠠ ᠶᠢᠨ ᠳᠣᠬᠠᠢᠢᠯᠠᠭᠰᠠᠨ ᠠᠵᠢᠯ | ᠡᠷᠬᠢᠯᠡᠬᠦ ᠬᠢᠷᠢ ᠭᠡᠮ ᠢ ᠤᠯᠬᠤ ᠪᠠᠷ ᠭᠤᠶᠤᠴᠢᠯᠠᠬᠤ ᠲᠤᠬᠠᠢ ᠶᠢᠨ ᠲᠠᠯᠠᠪᠠᠢ ᠳᠤ᠂ ᠵᠠᠪᠠᠯ ᠨᠠᠷᠠ ᠮᠡᠳᠡᠬᠦᠯᠬᠦ ᠳᠡᠭᠡᠨ | ᠠᠮᠠᠯᠳᠠᠭᠰᠠᠨ ᠮᠡᠳᠡᠭᠡ ᠵᠠᠩᠬᠢ ᠲᠠᠢ ᠠᠳᠠᠯᠢᠬᠠᠨ ᠰᠣᠷᠣᠯᠭ᠎ᠠ ᠲᠠᠬᠦᠰᠦᠭᠰᠡᠨ ᠦᠨᠡᠮᠯᠠᠯ ᠵᠢᠴᠢ ᠪᠤᠰᠤᠳ ᠮᠠᠲ᠋ᠧᠷᠢᠶᠠᠯ ᠢ | ᠲᠤᠰᠢᠶᠠᠬᠤ ᠭᠡᠷᠡᠭᠳᠡᠢ᠂ ᠲᠤᠭᠳᠠᠭᠰᠠᠨ ᠬᠤᠭᠤᠴᠠᠭᠠᠨ ᠲᠤᠳᠤᠷ᠎ᠠ ᠲᠤᠰᠢᠶᠠᠵᠣ ᠳᠡᠶᠢᠯᠬᠦ ᠦᠭᠡᠢ ᠪᠣᠯ᠂ | ᠳᠣᠭᠳᠠᠭᠠᠭᠰᠠᠨ ᠨᠠᠷᠠ ᠮᠡᠳᠡᠬᠦᠯᠬᠦ ᠨᠦᠬᠦᠴᠡᠯ ᠳᠤ ᠦᠯᠦ ᠨᠠᠶᠢᠴᠡᠭᠰᠡᠨ ᠢᠶᠠᠷ ᠦᠵᠡᠵᠤ᠂ ᠲᠤᠬᠠᠢ ᠶᠢᠨ ᠵᠢᠯ ᠤᠨ | ᠰᠢᠯᠭᠠᠯᠳᠠ ᠶᠢᠨ ᠬᠢᠷᠢ ᠪᠦᠳᠤᠮᠵᠢ ᠶᠢ ᠨᠢ ᠬᠦᠴᠤᠨ ᠦᠭᠡᠢ ᠪᠤᠯᠭᠠᠨ᠎ᠠ᠃ | 7᠂ ᠰᠢᠶᠠᠩᠭᠠᠡᠭ᠂ ᠤᠤᠮᠧᠨ᠂ ᠲᠠᠶᠢᠸᠠᠨ ᠣᠷᠣᠨ ᠪᠣᠶᠣ ᠭᠠᠳᠠᠭᠠᠳᠤ ᠶᠢᠨ ᠶᠡᠭᠡ ᠲᠡᠭᠡᠳᠤ ᠰᠤᠷᠭᠠᠭᠤᠯᠢ ᠶᠢᠨ | ᠰᠤᠷᠤᠯᠭ᠎ᠠ ᠶᠢᠨ ᠨᠠᠮᠳᠠᠷ ︵ᠡᠷᠳᠡᠮ ᠤᠨ ᠴᠤᠯᠠ︶ ᠤᠨ ᠦᠨᠡᠮᠯᠠᠯ ᠢᠶᠠᠷ ᠨᠠᠷᠠ ᠮᠡᠳᠡᠬᠦᠯᠦᠭᠰᠡᠳ᠂ ᠡᠷᠬᠡᠪᠰᠢ ᠰᠤᠷᠭᠠᠨ | ᠬᠦᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠦᠪ ᠠᠴᠠ ᠤᠯᠭᠤᠭᠰᠠᠨ | ᠰᠤᠷᠤᠯᠭ᠎ᠠ ᠶᠢᠨ ᠨᠠᠮᠳᠠᠷ ︵ᠡᠷᠳᠡᠮ ᠤᠨ ᠴᠤᠯᠠ︶ ᠢ ᠨᠣᠳᠠᠯᠠᠭᠰᠠᠨ ᠭᠡᠷᠡᠴᠢ ᠪᠠᠶᠢᠬᠤ ᠭᠡᠷᠡᠭᠳᠡᠢ᠃ | 8᠂ ᠫᠠᠰᠫᠤᠷᠲ ᠢᠶᠠᠷ ᠢᠶᠠᠨ ᠨᠡᠷ᠎ᠡ ᠮᠡᠳᠡᠭᠦᠯᠬᠦ ᠳᠤ᠂ ᠫᠠᠰᠫᠤᠷᠲ ᠤᠨ ᠢᠶᠠᠨ ᠬᠠᠤᠯᠢ ᠴᠠᠭᠠᠵᠠ ᠶᠢᠨ | ᠬᠦᠴᠦᠨ ᠲᠠᠢ ᠪᠠᠶᠢᠬᠤ ᠶᠢ ᠪᠠᠲᠤᠯᠠᠵᠤ᠂ ᠰᠢᠯᠭᠠᠯᠲᠠ ᠳᠤ ᠬᠢᠷᠢ ᠲᠡᠩᠴᠡᠭᠰᠡᠳ ᠬᠠᠤᠯᠢ ᠴᠠᠭᠠᠵᠠ ᠶᠢᠨ ᠳᠣᠬᠠᠢᠢᠯᠠᠭᠰᠠᠨ | ᠠᠵᠢᠯ ᠡᠷᠬᠢᠯᠡᠬᠦ ᠬᠢᠷᠢ ᠬᠡᠮ ᠢ ᠣᠯᠭᠤᠬᠤ ᠪᠠᠷ ᠭᠤᠶᠤᠴᠢᠯᠠᠬᠤ ᠳᠠᠭᠠᠨ ᠫᠠᠰᠫᠤᠷᠲ ᠭᠤᠶᠤᠴᠢᠯᠠᠭᠰᠠᠨ ᠭᠠᠵᠠᠷ ᠤᠷᠤᠨ | ᠪᠤᠶᠤ ᠫᠠᠰᠫᠤᠷᠲ ᠤᠯᠭᠤᠭᠰᠠᠨ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠭᠡᠷᠡᠴᠢᠯᠡᠯ ᠢ ᠬᠠᠨᠭ᠍ᠭᠠᠬᠤ ᠬᠡᠷᠡᠭᠲᠡᠢ᠃ | 9᠂ ᠮᠤᠩᠭᠤᠯ ᠢᠶᠠᠷ ᠰᠢᠯᠭᠠᠭᠤᠯᠤᠭᠰᠠᠳ ᠮᠠᠨ ᠤ ᠤᠷᠤᠨ ᠳᠤ ᠨᠡᠷ᠎ᠡ ᠮᠡᠳᠡᠭᠦᠯᠵᠦ ᠪᠤᠯᠤᠨ᠎ᠠ᠃ | 10᠂ ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠬᠦ ᠣᠳᠣ ᠪᠠᠷ ᠢᠶᠠᠨ ᠠᠯᠪᠠ ᠬᠠᠭᠠᠵᠣ ᠪᠠᠶᠢᠭ᠎ᠠ ᠴᠡᠷᠢᠭ | ᠬᠦᠮᠦᠨ᠂ ᠳᠣᠭᠳᠠᠭᠠᠭᠰᠠᠨ ᠬᠤᠭᠤᠴᠠᠭᠠᠨ ᠳᠣᠳᠣᠷ᠎ᠠ ᠪᠦᠬᠦ ᠴᠡᠷᠢᠭ ᠤᠨ ᠣᠯᠣᠰ ᠲᠦᠷᠦ ᠶᠢᠨ ᠠᠵᠢᠯ ᠤᠨ | ᠰᠦᠯᠵᠢᠶ᠎ᠡ ᠪᠠᠷ ᠳᠠᠮᠵᠢᠭᠤᠯᠣᠨ ᠨᠡᠷ᠎ᠡ ᠮᠡᠳᠡᠭᠦᠯᠬᠦ ᠬᠡᠷᠡᠭᠳᠡᠢ᠂ ᠬᠠᠮᠢᠶ᠎ᠠ ᠪᠦᠬᠦᠢ ᠠᠵᠢᠯ ᠢ ᠴᠡᠷᠢᠩ ᠠᠩᠬᠢ ᠶᠢᠨ ᠬᠠᠣᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠬᠠᠷᠢᠭᠤᠴᠠᠵᠣ ᠪᠠᠶᠢᠭ᠎ᠠ ᠰᠠᠯᠠᠭ᠎ᠠ ᠮᠦᠴᠢᠷ ᠪᠣᠳᠠᠳᠠᠢ ᠵᠣᠬᠢᠶᠠᠨ | ᠪᠠᠶᠢᠭᠤᠯᠣᠨ᠎ᠠ᠃ | ᠬᠤᠶᠠᠷ᠂ ᠰᠤᠷᠤᠯᠭ᠎ᠠ ᠶᠢᠨ ᠨᠠᠮᠲᠠᠷ ᠤᠨ ᠨᠦᠬᠦᠴᠡᠯ | ︵ᠨᠢᠭᠡ︶ 2016 ᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠨᠡᠷ᠎ᠡ ᠮᠡᠳᠡᠭᠦᠯᠦᠨ | ᠣᠷᠣᠯᠴᠠᠵᠣ ᠪᠤᠯᠬᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠪᠣᠯ᠄ | 1᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠦᠭᠰᠡᠨ᠂ ᠰᠤᠷᠤᠯᠭ᠎ᠠ ᠶᠢᠨ ᠨᠠᠮᠲᠠᠷ ᠤᠨ ᠰᠣᠷᠭᠠᠨ ᠬᠦᠮᠦᠵᠢᠯ ᠡᠷᠬᠢᠯᠡᠬᠦ ᠬᠢᠷᠢ ᠬᠡᠮ ᠲᠠᠢ | ᠠᠷᠠᠳ ᠠᠴᠠ ᠡᠷᠬᠢᠯᠡᠭᠰᠡᠨ ᠶᠡᠭᠡ ᠲᠡᠭᠡᠳᠦ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠶᠡᠭᠡ ᠲᠡᠭᠡᠳᠦ ᠰᠤᠷᠭᠠᠭᠤᠯᠢ᠂ | ᠡᠩ ᠤᠨ ᠶᠡᠭᠡ ᠲᠡᠭᠡᠳᠦ ᠰᠤᠷᠭᠠᠭᠤᠯᠢ ︵ᠡᠭᠦᠨ ᠳᠤ ᠠᠰᠠᠫᠢᠷᠠᠨᠲ ᠬᠦᠮᠦᠵᠢᠭᠦᠯᠬᠦ ᠰᠤᠳᠤᠯᠭᠠᠨ ᠤ ᠪᠠᠶᠢᠭᠤᠯᠤᠯᠭ᠎ᠠ | ᠪᠠᠭᠳᠠᠨ᠎ᠠ︶ ᠠᠴᠠ ᠤᠯᠭᠤᠭᠰᠠᠨ ᠰᠣᠷᠣᠯᠭ᠎ᠠ ᠲᠡᠭᠦᠰᠦᠭᠰᠡᠨ ᠦᠨᠡᠮᠯᠡᠯ︔ | 2᠂ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠤᠷᠴᠤ ᠰᠢᠯᠭᠠᠭᠤᠯᠬᠤ ᠰᠢᠯᠭᠠᠯᠲᠠ ᠪᠠ | ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠲᠠᠷ ᠤᠨ ᠰᠢᠯᠭᠠᠯᠲᠠ ᠶᠢ ᠳᠠᠮᠵᠢᠭᠠᠳ᠂ ᠪᠦᠬᠦ | ᠤᠯᠤᠰ ᠤᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠤᠷᠴᠤ ᠰᠢᠯᠭᠠᠭᠤᠯᠬᠤ ᠰᠢᠯᠭᠠᠯᠲᠠ ᠶᠢᠨ | ᠵᠦᠪᠯᠡᠯ ᠠᠴᠠ ᠡᠷᠬᠡ ᠤᠯᠭᠤᠭᠰᠠᠨ ᠡᠯ᠎ᠠ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ | ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠢᠶᠠᠨ ᠰᠤᠷᠴᠤ ᠰᠢᠯᠭᠠᠭᠤᠯᠬᠤ ᠰᠢᠯᠭᠠᠯᠲᠠ ᠶᠢᠨ ᠵᠦᠪᠯᠡᠯ ᠤᠨ | ᠤᠯᠭᠤᠭᠰᠠᠨ ᠰᠣᠷᠣᠯᠭ᠎ᠠ ᠲᠡᠭᠦᠰᠦᠭᠰᠡᠨ ᠦᠨᠡᠮᠯᠡᠯ︔ | 3᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠵᠦ᠂ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠳᠤ ᠤᠷᠤᠭᠤᠯᠤᠭᠰᠠᠨ ᠪᠦᠭᠡᠳ | ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ ᠣᠷᠣᠯᠴᠠᠵᠣ ᠡᠯᠰᠡᠭᠳᠡᠭᠰᠡᠨ᠂ ᠨᠠᠮ ᠤᠨ ᠰᠤᠷᠭᠠᠭᠤᠯᠢ᠂ ᠴᠡᠷᠢᠭ ᠤᠨ | ᠶᠠᠪᠤᠳᠠᠯ ᠤᠨ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠭᠠᠳ ᠤᠯᠤᠭᠰᠠᠨ ᠰᠣᠷᠣᠯᠭ᠎ᠠ ᠲᠡᠭᠦᠰᠦᠭᠰᠡᠨ ᠦᠨᠡᠮᠯᠡᠯ︔ | 4᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠵᠦ᠂ ᠰᠦᠯᠵᠢᠶ᠎ᠠ ᠶᠢᠨ ᠰᠤᠷᠭᠠᠨ ᠬᠦᠮᠦᠵᠢᠯ ᠤᠨ ᠳᠣᠷᠰᠢᠯᠳᠠ ᠬᠢᠭᠰᠡᠨ ᠡᠩ ᠤᠨ ᠶᠡᠭᠡ | ᠲᠡᠭᠡᠳᠦ ᠰᠤᠷᠭᠠᠭᠤᠯᠢ ᠶᠢᠨ ᠤᠯᠭᠤᠭᠰᠠᠨ ᠠᠯᠤᠰ ︵ᠰᠦᠯᠵᠢᠶ᠎ᠡ︶ ᠰᠤᠷᠭᠠᠨ ᠬᠦᠮᠦᠵᠢᠯ ᠤᠨ ᠰᠣᠷᠣᠯᠭ᠎ᠠ | ᠲᠡᠭᠦᠰᠦᠭᠰᠡᠨ ᠦᠨᠡᠮᠯᠡᠯ︔ | 5᠂ ᠰᠤᠷᠭᠠᠨ ᠬᠦᠮᠦᠵᠢᠯ ᠤᠨ ᠶᠠᠮᠤᠨ᠂ ᠣᠣᠯ ᠤᠨ ᠴᠢᠯᠦᠭᠡᠯᠡᠬᠦ ᠴᠡᠷᠢᠭ ᠤᠨ ᠶᠡᠷᠦᠩᠬᠡᠢ ᠱᠲ᠋ᠠᠪ ᠤᠨ ᠬᠡᠯᠳᠡᠰ᠂ | ᠣᠣᠯ ᠤᠨ ᠴᠢᠯᠦᠭᠡᠯᠡᠬᠦ ᠴᠡᠷᠢᠭ ᠤᠨ ᠶᠡᠷᠦᠩᠬᠡᠢ ᠤᠯᠤᠰ ᠲᠦᠷᠦ ᠶᠢᠨ ᠬᠡᠯᠳᠡᠰ ᠤᠨ ︽ᠲᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠦᠨᠡᠮᠯᠡᠯ ᠢ ᠬᠠᠮᠢᠶᠠᠷᠬᠤ ᠲᠦᠷ | ᠬᠡᠷᠡᠭᠵᠢᠭᠦᠯᠬᠦ ᠲᠤᠭᠳᠠᠭᠠᠯ︾ ᠳᠤ ᠨᠡᠶᠢᠴᠡᠨ ᠤᠯᠭᠤᠭᠰᠠᠨ ᠰᠣᠷᠣᠯᠭ᠎ᠠ ᠲᠡᠭᠦᠰᠦᠭᠰᠡᠨ ᠦᠨᠡᠮᠯᠡᠯ᠃ | ︵ᠬᠤᠶᠠᠷ︶ ᠨᠡᠷ᠎ᠡ ᠮᠡᠲᠡᠭᠦᠯᠦᠭᠰᠡᠳ ᠤᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠨᠢ ᠤᠯᠤᠰ ᠠᠷᠠᠳ ᠤᠨ | ᠰᠤᠷᠭᠠᠨ ᠬᠦᠮᠦᠵᠢᠯ ᠤᠨ ᠴᠤᠪᠤᠷᠠᠯ ᠪᠤᠶᠤ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠰᠤᠷᠭᠠᠨ ᠬᠦᠮᠦᠵᠢᠯ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠮᠡᠲᠡᠷᠡᠬᠦ ᠰᠤᠷᠤᠯᠭ᠎ᠠ ᠶᠢᠨ ᠨᠠᠮᠲᠠᠷ ᠲᠤ ᠬᠠᠷᠢᠶᠠᠯᠠᠭᠳᠠᠬᠤ ᠡᠰᠡᠬᠦ ᠶᠢ᠂ ᠰᠤᠷᠭᠠᠨ | ᠬᠦᠮᠦᠵᠢᠯ ᠤᠨ ᠶᠠᠮᠤᠨ ᠤ ᠪᠦᠬᠦ ᠤᠯᠤᠰ ᠤᠨ ᠶᠡᠭᠡ ᠲᠡᠭᠡᠲᠦ ᠰᠣᠷᠭᠠᠭᠤᠯᠢ ᠶᠢᠨ ᠰᠤᠷᠤᠬᠴᠢ ᠶᠢᠨ ᠮᠡᠲᠡᠭᠡ ᠵᠠᠩᠬᠢ ᠶᠢ | ᠯᠠᠪᠯᠠᠬᠤ ᠪᠤᠯᠤᠨ ᠠᠵᠢᠯ ᠤᠯᠭᠤᠬᠤ ᠶᠢ ᠵᠢᠯᠤᠭᠤᠳᠬᠤ ᠲᠦᠪ ᠤᠨ ᠰᠦᠯᠵᠢᠶ᠎ᠡ ᠶᠢᠨ ᠦᠷᠳᠡᠭᠡ ᠠᠴᠠ ᠯᠠᠪᠯᠠᠨ | ᠪᠠᠶᠢᠴᠠᠭᠠᠬᠰᠠᠨ ᠳ᠋ᠦᠩ ᠢᠶᠠᠷ ᠪᠠᠷᠢᠮᠵᠢᠶ᠎ᠠ ᠪᠤᠯᠭᠠᠨ᠎ᠠ᠃ ᠰᠤᠷᠤᠯᠭ᠎ᠠ ᠶᠢᠨ ᠨᠠᠮᠲᠠᠷ ᠤᠨ ᠮᠡᠲᠡᠭᠡ ᠵᠠᠩᠬᠢ ᠶᠢ ᠪᠠᠶᠢᠴᠠᠭᠠᠵᠦ | ᠤᠯᠬᠤ ᠦᠭᠡᠢ ᠮᠦᠷᠲᠡᠭᠡᠨ ᠰᠢᠯᠭᠠᠯᠲᠠ ᠳᠤ ᠬᠢᠷᠢ ᠲᠡᠩᠴᠡᠭᠰᠠᠨ ᠪᠠᠶᠢᠪᠠᠯ᠂ ᠭᠤᠶᠣᠴᠢᠯᠠᠭᠴᠢ ᠠᠴᠠ ᠳᠣᠭᠳᠠᠭᠠᠭᠰᠠᠨ | ᠬᠢᠷᠢ ᠭᠡᠮ ᠣᠯᠬᠤ ᠡᠷᠭᠦᠳᠡᠯ ᠭᠠᠷᠭᠠᠬᠤ ᠬᠤᠭᠤᠴᠠᠭᠠᠨ ᠳᠣᠳᠣᠷ᠎ᠠ᠂ ᠰᠤᠷᠭᠠᠨ ᠬᠦᠮᠦᠵᠢᠯ ᠤᠨ ᠶᠠᠮᠤᠨ ᠤ ᠪᠦᠬᠦ | ᠤᠯᠤᠰ ᠤᠨ ᠶᠡᠭᠡ ᠲᠡᠭᠡᠲᠦ ᠰᠤᠷᠭᠠᠭᠤᠯᠢ ᠶᠢᠨ ᠰᠤᠷᠤᠬᠴᠢ ᠶᠢᠨ ᠮᠡᠲᠡᠭᠡ ᠵᠠᠩᠬᠢ ᠶᠢ ᠯᠠᠪᠯᠠᠬᠤ ᠪᠤᠯᠤᠨ ᠠᠵᠢᠯ | ᠤᠯᠭᠤᠬᠤ ᠶᠢ ᠵᠢᠯᠤᠭᠤᠳᠬᠤ ᠲᠦᠪ ᠠᠴᠠ ᠭᠠᠷᠭᠠᠨ ᠦᠭᠭᠦᠭᠰᠡᠨ ︽ᠲᠤᠮᠲᠠᠲᠤ ᠤᠯᠤᠰ ᠤᠨ ᠲᠡᠭᠡᠲᠦ ᠵᠡᠷᠭᠡ ᠶᠢᠨ | ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠲᠠᠷ ᠢ ᠬᠡᠷᠡᠴᠢᠯᠡᠬᠦ ᠮᠡᠲᠡᠭᠦᠯᠦᠯᠲᠡ︾ ᠶᠢ ᠲᠤᠰᠢᠶᠠᠬᠤ ᠬᠡᠷᠡᠭᠲᠡᠢ᠃ | ᠭᠤᠷᠪᠠ᠂ ᠨᠡᠷ᠎ᠡ ᠮᠡᠲᠡᠭᠦᠯᠬᠦ ᠴᠠᠬ᠂ ᠠᠷᠭ᠎ᠠ᠂ ᠡᠮᠬᠢ ᠲᠠᠷᠠᠭᠠᠯᠠᠯ | ︵ᠨᠢᠭᠡ︶ ᠨᠡᠷ᠎ᠡ ᠮᠡᠲᠡᠭᠦᠯᠬᠦ ᠴᠠᠬ ᠪᠠ ᠠᠷᠭ᠎ᠠ | 2016 ᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ | ᠠᠷᠭ᠎ᠠ ᠶᠢ ᠬᠡᠷᠡᠭᠵᠢᠭᠦᠯᠦᠨ᠎ᠡ᠃ ᠨᠡᠷ᠎ᠡ ᠮᠡᠲᠡᠭᠦᠯᠦᠭᠰᠡᠳ ᠰᠦᠯᠵᠢᠶ᠎ᠡ ᠲᠡᠭᠡᠷ᠎ᠡ ᠬᠤᠪᠢ ᠬᠦᠮᠦᠨ ᠤ ᠮᠡᠲᠡᠭᠡ ᠵᠠᠩᠬᠢ ᠪᠠᠨ | ᠲᠠᠬᠯᠠᠨ᠂ ᠰᠡᠭᠦᠲᠡᠷ ᠢᠶᠠᠨ ᠳᠠᠮᠵᠢᠭᠤᠯᠵᠣ᠂ ᠰᠢᠯᠭᠠᠯᠲᠠ ᠶᠢᠨ ᠰᠦᠢᠳᠬᠡᠯ ᠢᠶᠠᠨ ᠲᠤᠰᠢᠶᠠᠵᠤ᠂ ᠰᠢᠯᠭᠠᠭᠤᠯᠬᠤ ᠶᠢ | ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ ᠲᠠᠷᠤᠮᠠᠯᠯᠠᠨ᠎ᠠ᠃ | 2016 ᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠨᠡᠷ᠎ᠡ ᠮᠡᠲᠡᠭᠦᠯᠬᠦ ᠴᠠᠬ ᠨᠢ 6 ᠳ᠋ᠤᠭᠠᠷ | ᠰᠠᠷ᠎ᠠ ᠶᠢᠨ 16 ᠤ ᠡᠲᠦᠷ ᠠᠴᠠ 7 ᠳ᠋ᠤᠭᠠᠷ ᠰᠠᠷ᠎ᠠ ᠶᠢᠨ 5 ᠤ ᠡᠲᠦᠷ ᠪᠣᠯᠳᠠᠯ᠎ᠠ᠃ ᠨᠡᠷ᠎ᠡ ᠮᠡᠲᠡᠭᠦᠯᠦᠭᠰᠡᠳ | ᠲᠤᠬᠲᠠᠬᠰᠠᠨ ᠬᠤᠭᠤᠴᠠᠭᠠᠨ ᠳᠤ ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠠ ᠶᠢᠨ ᠦᠷᠳᠡᠭᠡ ︵http://www. | moj.gov.cn︶ ᠳᠤ ᠭᠠᠷᠴᠦ᠂ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ ᠱᠠᠭᠠᠷᠲᠠᠯᠭ᠎ᠠ᠂ ᠡᠮᠬᠢ ᠳᠠᠷᠠᠭᠠᠯᠠᠯ | ᠪᠤᠯᠤᠨ ᠠᠯᠬᠤᠮ ᠢᠶᠠᠷ ᠰᠦᠯᠵᠢᠶ᠎ᠡ ᠳᠡᠭᠡᠷ᠎ᠡ ᠨᠡᠷ᠎ᠡ ᠮᠡᠲᠡᠭᠦᠯᠬᠦ ᠬᠡᠷᠡᠭᠲᠡᠢ᠃ ᠬᠤᠭᠤᠴᠠᠭ᠎ᠠ ᠨᠢ ᠳᠣᠯᠪᠠᠯ ᠨᠦᠬᠦᠵᠦ ᠨᠡᠷ᠎ᠡ | ᠮᠡᠲᠡᠭᠦᠯᠦᠭᠦᠯᠬᠦ ᠦᠭᠡᠢ᠃ | ︵ᠬᠤᠶᠠᠷ︶ ᠨᠡᠷ᠎ᠡ ᠮᠡᠲᠡᠭᠦᠯᠬᠦ ᠡᠮᠬᠢ ᠲᠠᠷᠠᠭᠠᠯᠠᠯ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ ᠳᠡᠭᠡᠨ᠂ ᠨᠡᠷ᠎ᠡ | ᠮᠡᠲᠡᠭᠦᠯᠦᠭᠰᠡᠳ ᠤᠷᠢᠲᠠᠪᠠᠷ ᠨᠡᠷ᠎ᠡ ᠮᠡᠲᠡᠭᠦᠯᠬᠦ ᠭᠠᠵᠠᠷ ᠢᠶᠠᠨ ᠮᠠᠨ ᠤ ᠤᠷᠤᠨ ᠤ ︽XX ᠠᠶᠢᠮᠠᠬ ᠬᠤᠲᠠ︾ ᠬᠡᠵᠦ | ᠰᠤᠩᠭᠤᠵᠦ᠂ ᠲᠠᠬᠢᠨ ᠲᠤᠤᠷᠠᠬᠢ ᠨᠡᠷ᠎ᠡ ᠮᠡᠲᠡᠭᠦᠯᠬᠦ ᠡᠮᠬᠢ ᠲᠠᠷᠠᠭᠠᠯᠠᠯ ᠢᠶᠠᠷ ᠭᠦᠢᠴᠡᠳᠭᠡᠬᠦ ᠬᠡᠷᠡᠭᠲᠡᠢ᠄ | 1᠂ ᠨᠡᠷ᠎ᠡ ᠮᠡᠲᠡᠭᠦᠯᠬᠦ ᠠᠯᠪᠠᠨ ᠵᠠᠷ ᠢ ᠤᠩᠰᠢᠨ᠎ᠠ᠃ | ᠨᠡᠷ᠎ᠡ ᠮᠡᠲᠡᠭᠦᠯᠦᠭᠰᠡᠳ ᠨᠡᠷ᠎ᠡ ᠮᠡᠲᠡᠭᠦᠯᠬᠦ ᠰᠦᠯᠵᠢᠶ᠎ᠡ ᠶᠢᠨ ᠦᠷᠳᠡᠭᠡ ᠳᠤ ᠭᠠᠷᠤᠬᠰᠠᠨ ᠤ ᠳᠠᠷᠠᠭ᠎ᠠ᠂ ᠨᠡᠷ᠎ᠡ | ᠮᠡᠲᠡᠭᠦᠯᠬᠦ ᠠᠯᠪᠠᠨ ᠵᠠᠷ ᠢ ᠨᠠᠷᠢᠨ ᠤᠩᠰᠢᠵᠦ᠂ ᠨᠡᠷ᠎ᠡ ᠮᠡᠲᠡᠭᠦᠯᠬᠦ ᠨᠦᠬᠦᠴᠡᠯ᠂ ᠨᠡᠷ᠎ᠡ ᠮᠡᠲᠡᠭᠦᠯᠬᠦ ᠡᠮᠬᠢ ᠲᠠᠷᠠᠭᠠᠯᠠᠯ ᠢ | ᠡᠵᠡᠮᠰᠢᠵᠦ᠂ ᠨᠡᠷ᠎ᠡ ᠮᠡᠲᠡᠭᠦᠯᠬᠦ ᠲᠦᠷᠦ ᠶᠢᠨ ᠪᠤᠳᠤᠯᠭ᠎ᠠ ᠪᠤᠯᠤᠨ ᠪᠤᠲᠠᠲᠠᠢ ᠱᠠᠭᠠᠷᠲᠠᠯᠭ᠎ᠠ ᠶᠢ ᠤᠢᠢᠯᠠᠭᠠᠬᠤ ᠬᠡᠷᠡᠭᠲᠡᠢ᠃ | 2᠂ ᠨᠡᠷ᠎ᠡ ᠮᠡᠲᠡᠭᠦᠯᠬᠦ ᠮᠡᠲᠡᠭᠡ ᠵᠠᠩᠬᠢ ᠪᠠᠨ ᠲᠠᠬᠯᠠᠵᠦ᠂ ᠠᠮᠠᠯᠠᠯᠲᠠ ᠪᠠᠨ ᠨᠣᠳᠠᠯᠠᠨᠠ᠃ | ᠨᠡᠷ᠎ᠡ ᠮᠡᠲᠡᠭᠦᠯᠦᠭᠰᠡᠳ ᠬᠤᠪᠢ ᠬᠦᠮᠦᠨ ᠤ ᠮᠡᠲᠡᠭᠡ ᠵᠠᠩᠬᠢ ᠪᠠᠨ ᠲᠠᠬᠯᠠᠬᠤ ᠵᠢᠷᠤᠮ ᠳᠤ ᠤᠷᠤᠬᠰᠠᠨ ᠤ | ᠲᠠᠷᠠᠭ᠎ᠠ᠂ ᠲᠤᠰ ᠬᠦᠮᠦᠨ ᠨᠡᠷ᠎ᠡ ᠮᠡᠲᠡᠭᠦᠯᠬᠦ ᠮᠡᠲᠡᠭᠡ ᠵᠠᠩᠬᠢ ᠪᠠᠨ ᠦᠨᠡᠨ ᠪᠤᠲᠠᠲᠠᠢ᠂ ᠵᠦᠪ ᠤᠨᠤᠪᠴᠢᠲᠠᠢ | ᠲᠠᠬᠯᠠᠬᠤ ᠶᠢᠨ ᠬᠠᠮᠲᠦ᠂ ᠵᠣᠬᠢᠴᠠᠩᠭᠤᠢ ᠠᠮᠠᠯᠠᠯᠲᠠ ᠬᠢᠵᠦ᠂ ᠲᠤᠰ ᠬᠦᠮᠦᠨ ᠨᠡᠷ᠎ᠡ ᠮᠡᠲᠡᠭᠦᠯᠬᠦ ᠨᠦᠬᠦᠴᠡᠯ ᠳᠤ | ᠨᠡᠶᠢᠴᠡᠬᠦ ᠪᠠᠨ ᠬᠡᠷᠡᠴᠢᠯᠡᠬᠦ ᠬᠡᠷᠡᠭᠲᠡᠢ᠃ ᠡᠭᠦᠨ ᠤ ᠬᠠᠮᠳᠣ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠱᠠᠭᠠᠷᠲᠠᠯᠭ᠎ᠠ ᠪᠠᠷ᠂ ᠨᠡᠷ᠎ᠡ ᠮᠡᠲᠡᠭᠦᠯᠬᠦ ᠬᠡᠷᠡᠴᠢ ᠮᠠᠲ᠋ᠧᠷᠢᠶᠠᠯ ᠢ ᠪᠡᠯᠡᠳᠬᠡᠬᠦ ᠠᠵᠢᠯ ᠢ ᠰᠠᠶᠢᠲᠦᠷ | ᠬᠢᠬᠦ ᠬᠡᠷᠡᠭᠲᠡᠢ᠂ ᠬᠤᠲᠠᠯ ᠬᠠᠭᠤᠷᠮᠠᠬ ᠮᠡᠲᠡᠭᠡ ᠵᠠᠩᠬᠢ ᠪᠠ ᠬᠡᠷᠡᠴᠢ ᠮᠠᠲ᠋ᠧᠷᠢᠶᠠᠯ ᠲᠠᠬᠯᠠᠵᠤ᠂ ᠬᠠᠩᠭᠠᠵᠣ ᠮᠡᠬᠡᠯᠡᠨ | ᠨᠡᠷ᠎ᠡ ᠮᠡᠲᠡᠭᠦᠯᠦᠭᠰᠡᠨ ᠪᠠᠶᠢᠪᠠᠯ᠂ ᠪᠤᠲᠠᠲᠠᠢ ᠪᠠᠶᠢᠲᠠᠯ ᠢ ᠨᠢ ᠪᠠᠶᠢᠴᠠᠭᠠᠨ ᠬᠠᠷᠭᠤᠭᠤᠯᠣᠭᠠᠳ ᠬᠤᠳᠠᠯ ᠬᠠᠭᠤᠷᠮᠠᠭ | ᠪᠣᠯᠬᠤ ᠶᠢ ᠨᠣᠳᠠᠯᠠᠪᠠᠯ᠂ ᠨᠡᠷ᠎ᠡ ᠮᠡᠲᠡᠭᠦᠯᠦᠭᠰᠡᠨ ᠪᠠ ᠰᠢᠯᠭᠠᠯᠲᠠ ᠶᠢᠨ ᠬᠢᠷᠢ ᠪᠦᠲᠦᠮᠵᠢ ᠶᠢ ᠴᠦᠮ ᠬᠦᠴᠦᠨ ᠦᠭᠡᠢ | ᠪᠤᠯᠭᠠᠨ᠎ᠠ᠂ ᠠᠯᠢᠪᠠ ᠦᠷ᠎ᠡ ᠳ᠋ᠦᠩ ᠢ ᠦᠪᠡᠷ ᠢᠶᠠᠨ ᠬᠠᠷᠢᠭᠤᠴᠠᠨ᠎ᠠ᠃ | 3᠂ ᠡᠯᠧᠺᠲᠷᠣᠨ ᠰᠡᠭᠦᠲᠡᠷ ᠢᠶᠠᠨ ᠰᠦᠯᠵᠢᠶ᠎ᠡ ᠳᠡᠭᠡᠷ᠎ᠡ ᠳᠠᠮᠵᠢᠭᠤᠯᠣᠨ᠎ᠠ᠃ | ᠨᠡᠷ᠎ᠡ ᠮᠡᠲᠡᠭᠦᠯᠦᠭᠰᠡᠳ ᠳᠣᠭᠳᠠᠭᠰᠠᠨ ᠵᠠᠭᠪᠣᠷ ︵ᠦᠷᠭᠡᠨ ᠨᠢ 413 ᠳᠣᠳᠣᠴᠠ × ᠦᠨᠳᠦᠷ ᠨᠢ 626 | ᠳᠣᠳᠣᠴᠠ︶ ᠤᠨ ᠱᠠᠭᠠᠷᠲᠠᠯᠭ᠎ᠠ ᠳᠤ ᠨᠡᠶᠢᠴᠡᠬᠦ ᠲᠤᠰ ᠬᠦᠮᠦᠨ ᠤ ᠤᠢᠢᠷ᠎ᠠ ᠶᠢᠨ ᠭᠤᠷᠪᠠᠨ ᠰᠠᠷ᠎ᠠ ᠶᠢᠨ ᠲᠤᠳᠤᠷᠠᠬᠢ | ᠪᠤᠲᠤᠬ ᠲᠠᠢ ︵ᠬᠦᠬᠡ᠂ ᠤᠯᠠᠭᠠᠨ᠂ ᠴᠠᠭᠠᠨ ᠲᠡᠪᠢᠰᠬᠡᠷ ᠲᠠᠢ ᠰᠡᠭᠦᠲᠡᠷ ᠴᠦᠮ ᠪᠤᠯᠤᠨ᠎ᠠ︶ ᠡᠯᠧᠺᠲᠷᠣᠨ ᠭᠡᠷᠡᠴᠢ | ᠦᠨᠡᠮᠯᠡᠯ ᠤᠨ ᠲᠦᠪ ᠰᠡᠭᠦᠲᠡᠷ ᠢᠶᠠᠨ ᠬᠠᠩᠭᠠᠬᠤ ᠬᠡᠷᠡᠭᠲᠡᠢ᠃ ᠳᠣᠰ ᠰᠡᠭᠦᠳᠡᠷ ᠢ ᠳᠣᠰ ᠬᠦᠮᠦᠨ ᠤ ᠰᠢᠯᠭᠠᠭᠤᠯᠬᠤ ᠶᠢ | ᠵᠦᠪᠰᠢᠶᠡᠷᠡᠭᠰᠡᠨ ᠦᠨᠡᠮᠯᠡᠯ᠂ ᠰᠢᠯᠭᠠᠯᠳᠠ ᠶᠢᠨ ᠬᠢᠷᠢ ᠪᠦᠳᠦᠮᠵᠢ ᠶᠢᠨ ᠮᠡᠳᠡᠭᠳᠡᠯ ᠤᠨ ᠬᠠᠭᠤᠳᠠᠰᠣ᠂ ᠬᠠᠣᠯᠢ | ᠴᠠᠭᠠᠵᠠ ᠶᠢᠨ ᠳᠣᠬᠠᠢᠢᠯᠠᠭᠰᠠᠨ ᠠᠵᠢᠯ ᠡᠷᠬᠢᠯᠡᠬᠦ ᠬᠢᠷᠢ ᠭᠡᠮ ᠣᠯᠭᠤᠬᠤ ᠡᠷᠭᠦᠳᠡᠯ ᠤᠨ ᠬᠦᠰᠦᠨᠦᠭ᠂ ᠬᠠᠣᠯᠢ | ᠴᠠᠭᠠᠵᠠ ᠶᠢᠨ ᠳᠣᠬᠠᠢᠢᠯᠠᠭᠰᠠᠨ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠳᠤ ᠬᠡᠷᠡᠭᠯᠡᠬᠦ ᠴᠣᠷ ᠤᠨ ᠭᠠᠭᠴᠠ | ᠰᠡᠭᠦᠳᠡᠷ ᠪᠣᠯᠭᠠᠨ᠎ᠠ᠃ | ᠠᠭᠤᠵᠢᠭᠤ ᠪᠣᠯᠭᠠᠭᠰᠠᠨ ᠲᠦᠷᠦ ᠶᠢᠨ ᠪᠤᠳᠤᠯᠭ᠎ᠠ ᠶᠢ ᠬᠦᠷᠲᠡᠬᠦ ᠪᠠᠷ ᠭᠤᠶᠤᠴᠢᠯᠠᠬᠰᠠᠳ᠂ ᠡᠷᠬᠡᠪᠰᠢ ᠨᠡᠷ᠎ᠡ | ᠮᠡᠲᠡᠭᠦᠯᠬᠦ ᠰᠤᠷᠤᠯᠭ᠎ᠠ ᠶᠢᠨ ᠨᠠᠮᠲᠡᠷ ᠤᠨ ᠨᠦᠬᠦᠴᠡᠯ ᠢ ᠠᠭᠤᠵᠢᠭᠤ ᠪᠣᠯᠭᠠᠭᠰᠠᠨ ᠭᠠᠵᠠᠷ ᠤᠷᠤᠨ ᠤ ᠡᠷᠦᠭᠡ ᠠᠮᠠ ᠶᠢᠨ | ᠳᠠᠩᠰᠠ ᠲᠠᠢ ᠪᠠᠶᠢᠬᠤ ᠬᠡᠷᠡᠭᠳᠡᠢ᠂ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ ᠦᠶ᠎ᠡ ᠳᠡᠭᠡᠨ᠂ ᠡᠷᠦᠭᠡ ᠠᠮᠠ ᠶᠢᠨ | ᠲᠡᠪᠲᠡᠷ ᠤᠨ ᠲᠦᠷᠦᠬᠦᠦ ᠨᠢᠭᠤᠷ ᠪᠠ ᠲᠤᠰ ᠬᠦᠮᠦᠨ ᠤ ᠬᠠᠭᠤᠳᠠᠰᠣ ᠶᠢᠨ ᠡᠯᠧᠺᠲᠷᠣᠨ ᠰᠡᠭᠦᠲᠡᠷ ᠢ ᠰᠦᠯᠵᠢᠶ᠎ᠡ | ᠳᠡᠭᠡᠷ᠎ᠡ ᠳᠠᠮᠵᠢᠭᠤᠯᠬᠤ ᠬᠡᠷᠡᠭᠲᠡᠢ᠃ | ᠡᠩ ᠤᠨ ᠶᠡᠭᠡ ᠳᠡᠭᠡᠳᠦ ᠰᠣᠷᠭᠠᠭᠤᠯᠢ ᠶᠢ 2017 ᠣᠨ ᠳᠤ ᠳᠡᠭᠦᠰᠬᠦ ᠵᠢᠩᠬᠢᠨᠢ ᠠᠩᠬᠢ ᠶᠢᠨ ᠰᠣᠷᠣᠭᠴᠢ | ᠰᠦᠯᠵᠢᠶ᠎ᠡ ᠳᠡᠭᠡᠷ᠎ᠡ ᠨᠡᠷ᠎ᠡ ᠮᠡᠳᠡᠭᠦᠯᠬᠦ ᠦᠶ᠎ᠡ ᠳᠡᠭᠡᠨ᠂ ᠵᠠᠭᠪᠣᠷᠵᠢᠭᠰᠠᠨ ᠭᠡᠷᠡᠴᠢ ᠶᠢᠨ ᠡᠯᠧᠺᠲᠷᠣᠨ ᠰᠡᠭᠦᠳᠡᠷ ᠢ | ᠳᠠᠮᠵᠢᠭᠤᠯᠬᠤ ᠬᠡᠷᠡᠭᠳᠡᠢ᠃ | 4᠂ ᠰᠦᠯᠵᠢᠶ᠎ᠡ ᠳᠡᠭᠡᠷ᠎ᠡ ᠰᠢᠯᠭᠠᠯᠳᠠ ᠶᠢᠨ ᠰᠦᠢᠳᠭᠡᠯ ᠢᠶᠠᠨ ᠳᠣᠰᠢᠶᠠᠨ᠎ᠠ᠃ | 2016 ᠣᠨ ᠤ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠳᠤ ᠰᠦᠯᠵᠢᠶ᠎ᠡ ᠳᠡᠭᠡᠷ᠎ᠡ ᠰᠢᠯᠭᠠᠯᠳᠠ ᠶᠢᠨ | ᠰᠦᠢᠳᠭᠡᠯ ᠢᠶᠠᠨ ᠳᠣᠰᠢᠶᠠᠬᠤ ᠠᠷᠭ᠎ᠠ ᠶᠢ ᠬᠡᠷᠡᠭᠵᠢᠭᠦᠯᠦᠨ᠎ᠡ᠃ ᠨᠡᠷ᠎ᠡ ᠮᠡᠳᠡᠭᠦᠯᠦᠭᠰᠡᠳ ᠰᠦᠯᠵᠢᠶ᠎ᠡ ᠳᠡᠭᠡᠷ᠎ᠡ ᠨᠡᠷ᠎ᠡ | ᠮᠡᠳᠡᠭᠦᠯᠬᠦ ᠦᠶ᠎ᠡ ᠳᠡᠭᠡᠨ᠂ ᠰᠦᠯᠵᠢᠶ᠎ᠡ ᠳᠡᠭᠡᠷ᠎ᠡ ᠰᠦᠢᠳᠭᠡᠯ ᠳᠣᠰᠢᠶᠠᠬᠤ ᠰᠠᠨᠠᠭᠤᠯᠣᠮᠵᠢ ᠶᠢᠨ ᠮᠡᠳᠡᠭᠡ ᠵᠠᠩᠬᠢ ᠶᠢ | ᠬᠢᠨᠠᠮᠠᠭᠠᠢ ᠣᠩᠰᠢᠬᠤ ᠶᠢᠨ ᠬᠠᠮᠳᠣ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠤᠨ ᠣᠯᠣᠰ ᠤᠨ ᠬᠠᠣᠯᠢ ᠴᠠᠭᠠᠵᠠ ᠶᠢᠨ | ᠰᠢᠯᠭᠠᠯᠳᠠ ᠶᠢᠨ ᠰᠢᠯᠭᠠᠯᠳᠠ ᠶᠢᠨ ᠶᠠᠪᠣᠳᠠᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠦᠷᠬᠦᠯᠵᠢᠯᠡᠨ ᠬᠡᠷᠡᠭᠵᠢᠭᠦᠯᠬᠦ | ᠳᠣᠬᠠᠢ ᠬᠠᠷᠢᠭᠤ ᠵᠠᠬᠢᠳᠠᠯ︾ ︵ᠦᠪᠦᠷ ᠮᠣᠩᠭᠤᠯ ᠬᠦ᠋ᠭᠵᠢᠭᠦᠯᠦᠯᠳᠡ ᠦᠭᠡᠷᠡᠴᠢᠯᠡᠯᠳᠡ ᠰᠦᠢᠳᠭᠡᠯ ᠵᠠᠬᠢᠳᠠᠯ ﹇ | 2014﹈ 252 ᠳᠣᠭᠠᠳᠣ︶ ᠤᠨ ᠳᠣᠭᠳᠠᠭᠠᠯ ᠶᠣᠰᠣᠭᠠᠷ᠂ ᠰᠢᠯᠭᠠᠯᠳᠠ ᠶᠢᠨ ᠰᠦᠢᠳᠭᠡᠯ 230 ᠲᠦᠭᠦᠷᠢᠭ | ᠳᠣᠰᠢᠶᠠᠨ᠎ᠠ ︵ᠰᠦᠯᠵᠢᠶ᠎ᠡ ᠳᠡᠭᠡᠷ᠎ᠡ ᠰᠦᠢᠳᠭᠡᠯ ᠳᠣᠰᠢᠶᠠᠬᠤ ᠴᠠᠭ ᠢ 7 ᠳ᠋ᠤᠭᠠᠷ ᠰᠠᠷ᠎ᠠ ᠶᠢᠨ 10 ᠤ ᠡᠳᠦᠷ ᠢᠶᠠᠷ | ᠬᠢᠵᠠᠭᠠᠷᠯᠠᠪᠠ︶᠃ ᠨᠡᠷ᠎ᠡ ᠮᠡᠳᠡᠭᠦᠯᠦᠭᠰᠡᠳ ᠰᠦᠯᠵᠢᠶ᠎ᠡ ᠳᠡᠭᠡᠷ᠎ᠡ ᠰᠦᠢᠳᠭᠡᠯ ᠢᠶᠠᠨ ᠠᠮᠵᠢᠯᠳᠠ ᠲᠠᠢ ᠳᠣᠰᠢᠶᠠᠭᠰᠠᠨ ᠤ | ᠳᠠᠷᠠᠭ᠎ᠠ᠂ ᠨᠡᠷ᠎ᠡ ᠮᠡᠳᠡᠭᠦᠯᠦᠭᠰᠡᠨ ᠭᠠᠵᠠᠷ ᠢᠶᠠᠨ ᠦᠭᠡᠷᠡᠴᠢᠯᠡᠵᠦ ᠪᠣᠯᠬᠤ ᠦᠭᠡᠢ᠃ ᠬᠤᠪᠢ ᠬᠦᠮᠦᠨ ᠤ | ᠰᠢᠯᠳᠠᠭᠠᠨ ᠠᠴᠠ ᠪᠣᠯᠵᠣ ᠨᠡᠷ᠎ᠡ ᠮᠡᠳᠡᠭᠦᠯᠦᠭᠰᠡᠨ ᠴᠢᠨᠢ ᠬᠦᠴᠦᠨ ᠦᠭᠡᠢ ᠪᠣᠯᠣᠭᠰᠠᠨ ᠪᠣᠯ᠂ ᠳᠣᠰᠢᠶᠠᠭᠰᠠᠨ | ᠰᠢᠯᠭᠠᠯᠳᠠ ᠶᠢᠨ ᠰᠦᠢᠳᠭᠡᠯ ᠢ ᠪᠣᠴᠠᠭᠠᠬᠤ ᠦᠭᠡᠢ᠃ | 5᠂ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠰᠦᠯᠵᠢᠶ᠎ᠡ ᠳᠡᠭᠡᠷ᠎ᠡ ᠠᠴᠠ ᠪᠠᠭᠤᠯᠭᠠᠨ ᠠᠪᠴᠣ | ᠳᠠᠷᠣᠮᠠᠯᠯᠠᠨᠠ᠃ | ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠶᠢᠨ ᠬᠢᠨᠠᠨ ᠬᠠᠷᠭᠤᠭᠤᠯᠬᠤ ᠶᠢ ᠳᠠᠮᠵᠢᠭᠠᠳ᠂ | ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠭᠰᠡᠳ ᠲᠤ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠣᠯᠭᠤᠨ᠎ᠠ᠃ | ᠨᠡᠷ᠎ᠡ ᠮᠡᠳᠡᠭᠦᠯᠦᠭᠰᠡᠳ 9 ᠳ᠋ᠦ᠋ᠭᠡᠷ ᠰᠠᠷ᠎ᠠ ᠶᠢᠨ 9 ᠤ ᠡᠳᠦᠷ ᠠᠴᠠ 9 ᠳ᠋ᠦ᠋ᠭᠡᠷ ᠰᠠᠷ᠎ᠠ ᠶᠢᠨ 23 ᠤ ᠡᠳᠦᠷ ᠪᠣᠯᠳᠠᠯᠠᠬᠢ | ᠬᠤᠭᠤᠴᠠᠭᠠᠨ ᠳᠤ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ ᠦᠷᠳᠡᠭᠡ ᠳᠤ ᠭᠠᠷᠴᠣ ᠦᠪᠡᠷ ᠢᠶᠠᠨ | ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ ᠳᠠᠷᠣᠮᠠᠯᠯᠠᠵᠣ ᠪᠣᠯᠣᠨ᠎ᠠ᠃ ᠨᠡᠷ᠎ᠡ | ᠮᠡᠳᠡᠭᠦᠯᠦᠭᠰᠡᠳ ᠡᠷᠬᠡᠪᠰᠢ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ᠂ ᠬᠦᠴᠦᠨ ᠲᠠᠢ ᠪᠡᠶ᠎ᠡ ᠶᠢᠨ | ᠦᠨᠡᠮᠯᠡᠯ ᠢᠶᠠᠷ ᠢᠶᠠᠨ ᠰᠢᠯᠭᠠᠯᠳᠠ ᠳᠤ ᠣᠷᠣᠯᠴᠠᠬᠤ ᠬᠡᠷᠡᠭᠳᠡᠢ᠃ | ᠳᠦᠷᠪᠡ᠂ ᠰᠢᠯᠭᠠᠯᠳᠠ | ︵ᠨᠢᠭᠡ︶ ᠰᠢᠯᠭᠠᠯᠳᠠ ᠶᠢᠨ ᠴᠠᠭ | 2016 ᠣᠨ ᠤ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠶᠢᠨ ᠴᠠᠭ ᠨᠢ 9 ᠳ᠋ᠦ᠋ᠭᠡᠷ ᠰᠠᠷ᠎ᠠ ᠶᠢᠨ | 24 ᠤ ᠡᠳᠦᠷ᠂ 25 ᠤ ᠡᠳᠦᠷ | ᠰᠢᠯᠭᠠᠯᠳᠠ ᠶᠢᠨ ᠬᠠᠭᠤᠳᠠᠰᠣ ᠨᠢᠭᠡ᠄ 9 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ 08᠄ | 30 — 11᠄ 30᠂ ᠰᠢᠯᠭᠠᠯᠳᠠ ᠶᠢᠨ ᠴᠠᠭ ᠨᠢ 180 ᠮᠢᠨᠦ᠋ᠲ᠃ | ᠰᠢᠯᠭᠠᠯᠳᠠ ᠶᠢᠨ ᠬᠠᠭᠤᠳᠠᠰᠣ ᠬᠤᠶᠠᠷ᠄ 9 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨᠠᠬᠢ | 14᠄ 00 — 17᠄ 00᠂ ᠰᠢᠯᠭᠠᠯᠳᠠ ᠶᠢᠨ ᠴᠠᠭ ᠨᠢ 180 ᠮᠢᠨᠦ᠋ᠲ᠃ | ᠰᠢᠯᠭᠠᠯᠳᠠ ᠶᠢᠨ ᠬᠠᠭᠤᠳᠠᠰᠣ ᠭᠤᠷᠪᠠ᠄ 9 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨᠡᠬᠢ | 08᠄ 30 — 11᠄ 30᠂ ᠰᠢᠯᠭᠠᠯᠳᠠ ᠶᠢᠨ ᠴᠠᠭ ᠨᠢ 180 ᠮᠢᠨᠦ᠋ᠲ᠃ | ᠰᠢᠯᠭᠠᠯᠳᠠ ᠶᠢᠨ ᠬᠠᠭᠤᠳᠠᠰᠣ ᠳᠦᠷᠪᠡ᠄ 9 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨᠠᠬᠢ | 14᠄ 00 — 17᠄ 30᠂ ᠰᠢᠯᠭᠠᠯᠳᠠ ᠶᠢᠨ ᠴᠠᠭ ᠨᠢ 210 ᠮᠢᠨᠦ᠋ᠲ᠃ | ᠪᠣᠰᠣᠳ ᠵᠦᠢᠯᠡᠰ ᠢ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ ᠦᠷᠳᠡᠭᠡ ᠳᠤ ᠭᠠᠷᠴᠣ ᠯᠠᠪᠯᠠᠵᠣ | ᠪᠣᠯᠣᠨ᠎ᠠ᠃ | ︵ᠬᠤᠶᠠᠷ︶ ᠰᠢᠯᠭᠠᠯᠳᠠ ᠶᠢᠨ ᠠᠭᠤᠯᠭ᠎ᠠ᠂ ᠬᠡᠯᠪᠡᠷᠢ ᠪᠣᠯᠣᠨ ᠬᠢᠴᠢᠶᠡᠯ ᠲᠦᠷᠦᠯ | ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠶᠢᠨ ᠠᠭᠤᠯᠭ᠎ᠠ ᠳᠤ᠄ ᠣᠨᠣᠯ ᠤᠨ ᠬᠠᠣᠯᠢ ᠶᠢᠨ ᠣᠬᠠᠭᠠᠨ᠂ | ᠬᠡᠷᠡᠭᠯᠡᠭᠡᠨ ᠤ ᠬᠠᠣᠯᠢ ᠶᠢᠨ ᠣᠬᠠᠭᠠᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠣᠯᠢ ᠴᠠᠭᠠᠵᠠ ᠶᠢᠨ ᠳᠣᠭᠳᠠᠭᠠᠯ᠂ | ᠬᠠᠣᠯᠢ ᠴᠠᠭᠠᠵᠠ ᠶᠢᠨ ᠪᠣᠳᠠᠳᠣ ᠬᠡᠷᠡᠭᠯᠡᠭᠡ ᠪᠣᠯᠣᠨ ᠬᠠᠣᠯᠢ ᠴᠠᠭᠠᠵᠠ ᠶᠢᠨ ᠳᠣᠬᠠᠢᠢᠯᠠᠭᠰᠠᠨ ᠠᠵᠢᠯ ᠤᠨ ᠶᠣᠰᠣ | ᠰᠣᠷᠳᠠᠬᠤᠨ ᠪᠠᠭᠳᠠᠨ᠎ᠠ᠃ | ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠳᠤ ᠪᠦᠬᠦ ᠣᠯᠣᠰ ᠤᠨ ᠨᠢᠭᠡᠳᠦᠯᠳᠡᠢ ᠰᠡᠳᠦᠪ ᠢ | ᠬᠡᠷᠡᠭᠵᠢᠭᠦᠯᠦᠨ᠎ᠡ᠃ ᠬᠠᠣᠯᠢ ᠴᠠᠭᠠᠵᠠ ᠶᠢᠨ ᠶᠠᠮᠣᠨ ᠠᠴᠠ ᠳᠣᠭᠳᠠᠭᠠᠨ ᠨᠡᠶᠢᠳᠡᠯᠡᠭᠰᠡᠨ ︽2016 ᠣᠨ ᠤ | ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠶᠢᠨ ᠬᠦᠳᠦᠯᠪᠦᠷᠢ︾ ᠶᠢ ᠰᠡᠳᠦᠪ ᠭᠠᠷᠭᠠᠬᠤ ᠦᠨᠳᠦᠰᠦᠯᠡᠯ | ᠪᠣᠯᠭᠠᠨ᠎ᠠ᠃ | 2016 ᠣᠨ ᠤ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠳᠤ ᠢᠯᠡ ᠪᠣᠰᠣ᠂ ᠪᠢᠷ ᠤᠨ | ᠰᠢᠯᠭᠠᠯᠳᠠ ᠶᠢᠨ ᠬᠡᠯᠪᠡᠷᠢ ᠶᠢ ᠬᠡᠷᠡᠭᠯᠡᠨ᠎ᠡ᠃ ᠰᠢᠯᠭᠠᠯᠳᠠ ᠶᠢ ᠳᠦᠷᠪᠡᠨ ᠰᠢᠯᠭᠠᠯᠳᠠ ᠶᠢᠨ ᠬᠠᠭᠤᠳᠠᠰᠣ ᠬᠤᠪᠢᠶᠠᠵᠣ᠂ | ᠰᠢᠯᠭᠠᠯᠳᠠ ᠶᠢᠨ ᠬᠠᠭᠤᠳᠠᠰᠣ ᠪᠦᠷᠢ ᠨᠢ 150 ᠬᠤᠪᠢ᠂ ᠳᠦᠷᠪᠡᠨ ᠰᠢᠯᠭᠠᠯᠳᠠ ᠶᠢᠨ ᠬᠠᠭᠤᠳᠠᠰᠣ ᠶᠢᠨ ᠶᠡᠷᠦᠩᠬᠡᠢ | ᠬᠤᠪᠢ ᠨᠢ 600 ᠬᠤᠪᠢ᠃ ᠰᠢᠯᠭᠠᠯᠳᠠ ᠶᠢᠨ ᠬᠠᠭᠤᠳᠠᠰᠣ ᠨᠢᠭᠡ᠂ ᠰᠢᠯᠭᠠᠯᠳᠠ ᠶᠢᠨ ᠬᠠᠭᠤᠳᠠᠰᠣ ᠬᠤᠶᠠᠷ᠂ | ᠰᠢᠯᠭᠠᠯᠳᠠ ᠶᠢᠨ ᠬᠠᠭᠤᠳᠠᠰᠣ ᠭᠤᠷᠪᠠ ᠨᠢ ᠮᠠᠰᠢᠨ ᠢᠶᠠᠷ ᠣᠩᠰᠢᠬᠤ ᠬᠡᠯᠪᠡᠷᠢ ᠶᠢᠨ ᠰᠣᠩᠭᠤᠬᠤ ᠰᠡᠳᠦᠪ᠂ | ᠰᠢᠯᠭᠠᠯᠳᠠ ᠶᠢᠨ ᠬᠠᠭᠤᠳᠠᠰᠣ ᠳᠦᠷᠪᠡ ᠨᠢ ᠪᠢᠷ ᠢᠶᠠᠷ ᠬᠠᠷᠢᠭᠤᠯᠬᠤ ᠬᠡᠷᠡᠭ ᠤᠨ ᠵᠢᠱᠢᠶ᠎ᠡ ᠶᠢᠨ ᠵᠠᠳᠠᠯᠣᠯᠳᠠ᠂ ᠬᠠᠣᠯᠢ | ᠴᠠᠭᠠᠵᠠ ᠶᠢᠨ ᠪᠢᠴᠢᠭ ᠬᠠᠷ᠎ᠠ᠂ ᠦᠭᠦᠯᠡᠨ ᠳᠣᠭᠠᠴᠢᠬᠤ ᠰᠡᠳᠦᠪ ᠪᠣᠯᠣᠨ᠎ᠠ᠃ ᠡᠯ᠎ᠡ ᠰᠢᠯᠭᠠᠯᠳᠠ ᠶᠢᠨ | ᠬᠠᠭᠤᠳᠠᠰᠣ ᠶᠢᠨ ᠬᠢᠴᠢᠶᠡᠯ ᠲᠦᠷᠦᠯ ᠨᠢ᠄ | ᠰᠢᠯᠭᠠᠯᠳᠠ ᠶᠢᠨ ᠬᠠᠭᠤᠳᠠᠰᠣ ᠨᠢᠭᠡ᠄ ᠶᠡᠷᠦᠩᠬᠡᠶᠢᠯᠡᠭᠰᠡᠨ ᠮᠡᠳᠡᠯᠭᠡ᠃ ᠳᠣᠮᠳᠠᠳᠣ ᠣᠯᠣᠰ ᠤᠨ ᠣᠨᠴᠠᠯᠢᠭ ᠲᠠᠢ | ᠨᠡᠶᠢᠭᠡᠮ ᠵᠢᠷᠣᠮ ᠤᠨ ᠬᠠᠣᠯᠢᠵᠢᠯ ᠤᠨ ᠣᠨᠣᠯ᠂ ᠬᠠᠣᠯᠢ ᠵᠦᠢ ᠶᠢᠨ ᠣᠬᠠᠭᠠᠨ᠂ ᠬᠠᠣᠯᠢ ᠳᠦᠷᠢᠮ ᠤᠨ ᠳᠡᠦᠬᠡ᠂ | ᠦᠨᠳᠦᠰᠦᠨ ᠬᠠᠣᠯᠢ᠂ ᠠᠵᠣ ᠠᠬᠤᠢ ᠶᠢᠨ ᠬᠠᠣᠯᠢ᠂ ᠣᠯᠠᠨ ᠣᠯᠣᠰ ᠤᠨ ᠬᠠᠣᠯᠢ᠂ ᠣᠯᠠᠨ ᠣᠯᠣᠰ ᠤᠨ | ᠬᠤᠪᠢ ᠶᠢᠨ ᠬᠠᠣᠯᠢ᠂ ᠣᠯᠠᠨ ᠣᠯᠣᠰ ᠤᠨ ᠠᠵᠣ ᠠᠬᠤᠢ ᠶᠢᠨ ᠬᠠᠣᠯᠢ᠂ ᠬᠠᠣᠯᠢ ᠶᠠᠪᠣᠭᠤᠯᠬᠤ ᠳᠦᠷᠢᠮ ᠪᠣᠯᠣᠨ | ᠬᠠᠣᠯᠢ ᠴᠠᠭᠠᠵᠠ ᠶᠢᠨ ᠳᠣᠬᠠᠢᠢᠯᠠᠭᠰᠠᠨ ᠠᠵᠢᠯ ᠤᠨ ᠶᠣᠰᠣ ᠰᠣᠷᠳᠠᠬᠤᠨ ᠪᠠᠭᠳᠠᠨ᠎ᠠ︔ | ᠰᠢᠯᠭᠠᠯᠳᠠ ᠶᠢᠨ ᠬᠠᠭᠤᠳᠠᠰᠣ ᠬᠤᠶᠠᠷ᠄ ᠡᠷᠡᠭᠦᠦ ᠶᠢᠨ ᠬᠠᠣᠯᠢ ᠪᠣᠯᠣᠨ ᠵᠠᠰᠠᠭ ᠵᠠᠬᠢᠷᠭᠠᠨ ᠤ ᠬᠠᠣᠯᠢ | ᠴᠠᠭᠠᠵᠠ ᠶᠢᠨ ᠳᠦᠷᠢᠮ᠃ ᠡᠷᠡᠭᠦᠦ ᠶᠢᠨ ᠬᠠᠣᠯᠢ᠂ ᠡᠷᠡᠭᠦᠦ ᠶᠢᠨ ᠵᠠᠷᠭᠤ ᠶᠢᠨ ᠬᠠᠣᠯᠢ᠂ ᠵᠠᠰᠠᠭ ᠵᠠᠬᠢᠷᠭᠠᠨ ᠤ ᠬᠠᠣᠯᠢ | ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠬᠠᠣᠯᠢ ᠪᠠᠭᠳᠠᠨ᠎ᠠ︔ | ᠰᠢᠯᠭᠠᠯᠳᠠ ᠶᠢᠨ ᠬᠠᠭᠤᠳᠠᠰᠣ ᠭᠤᠷᠪᠠ᠄ ᠢᠷᠭᠡᠨ ᠤ ᠬᠡᠷᠡᠭ ᠬᠤᠳᠠᠯᠳᠣᠭᠠᠨ ᠤ ᠶᠠᠪᠣᠳᠠᠯ ᠤᠨ ᠬᠠᠣᠯᠢ | ᠴᠠᠭᠠᠵᠠ ᠶᠢᠨ ᠳᠦᠷᠢᠮ ︵ᠳᠠᠰᠣᠯᠣᠨ ᠳᠣᠭᠳᠠᠭᠠᠬᠤ ᠳᠦᠷᠢᠮ ᠪᠠᠭᠳᠠᠨ᠎ᠠ︶ ᠪᠠᠭᠳᠠᠨ᠎ᠠ︔ | ᠰᠢᠯᠭᠠᠯᠳᠠ ᠶᠢᠨ ᠬᠠᠭᠤᠳᠠᠰᠣ ᠳᠦᠷᠪᠡ᠄ ᠬᠡᠷᠡᠭ ᠤᠨ ᠵᠢᠱᠢᠶ᠎ᠡ ᠶᠢᠨ ᠵᠠᠳᠠᠯᠣᠯᠳᠠ᠂ ᠬᠠᠣᠯᠢ ᠴᠠᠭᠠᠵᠠ ᠶᠢᠨ | ᠪᠢᠴᠢᠭ ᠬᠠᠷ᠎ᠠ᠂ ᠦᠭᠦᠯᠡᠨ ᠳᠣᠭᠠᠴᠢᠯᠳᠠ᠃ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ | ᠬᠠᠣᠯᠢᠵᠢᠯ ᠤᠨ ᠣᠨᠣᠯ᠂ ᠬᠠᠣᠯᠢ ᠵᠦᠢ ᠶᠢᠨ ᠣᠬᠠᠭᠠᠨ᠂ ᠬᠠᠣᠯᠢ ᠶᠠᠪᠣᠭᠤᠯᠬᠤ ᠳᠦᠷᠢᠮ ᠪᠣᠯᠣᠨ ᠬᠠᠣᠯᠢ | ᠴᠠᠭᠠᠵᠠ ᠶᠢᠨ ᠳᠣᠬᠠᠢᠢᠯᠠᠭᠰᠠᠨ ᠠᠵᠢᠯ ᠤᠨ ᠶᠣᠰᠣ ᠰᠣᠷᠳᠠᠬᠤᠨ᠂ ᠵᠠᠰᠠᠭ ᠵᠠᠬᠢᠷᠭᠠᠨ ᠤ ᠬᠠᠣᠯᠢ ᠪᠣᠯᠣᠨ ᠵᠠᠰᠠᠭ | ᠵᠠᠬᠢᠷᠭᠠᠨ ᠤ ᠵᠠᠷᠭᠤ ᠶᠢᠨ ᠬᠠᠣᠯᠢ᠂ ᠡᠷᠡᠭᠦᠦ ᠶᠢᠨ ᠬᠠᠣᠯᠢ᠂ ᠡᠷᠡᠭᠦᠦ ᠶᠢᠨ ᠵᠠᠷᠭᠤ ᠶᠢᠨ ᠬᠠᠣᠯᠢ᠂ ᠢᠷᠭᠡᠨ ᠤ ᠬᠠᠣᠯᠢ᠂ | ᠬᠤᠳᠠᠯᠳᠣᠭᠠᠨ ᠤ ᠬᠠᠣᠯᠢ᠂ ᠢᠷᠭᠡᠨ ᠤ ᠵᠠᠷᠭᠤ ᠶᠢᠨ ᠬᠠᠣᠯᠢ ᠪᠠᠭᠳᠠᠨ᠎ᠠ᠃ | ︵ᠭᠤᠷᠪᠠ︶ ᠰᠢᠯᠭᠠᠯᠲᠠ ᠶᠢᠨ ᠱᠠᠭᠠᠷᠲᠠᠯᠭ᠎ᠠ ᠪᠠ ᠰᠠᠬᠢᠯᠭ᠎ᠠ ᠪᠠᠲᠤ | ᠰᠢᠯᠭᠠᠯᠲᠠ ᠳᠤ ᠤᠷᠤᠯᠴᠠᠭᠰᠠᠳ ︽ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠢᠯᠭᠠᠯᠳᠠ ᠳᠤ | ᠤᠷᠤᠯᠴᠠᠬᠤ ᠵᠢᠷᠣᠮ︾ ᠪᠠ ︽ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠠᠬᠢᠯᠭ᠎ᠠ ᠪᠠᠲᠤ ᠠᠴᠠ | ᠵᠦᠷᠢᠴᠡᠭᠰᠡᠨ ᠠᠵᠢᠯᠯᠠᠭ᠎ᠠ ᠶᠢ ᠰᠢᠢᠳᠪᠤᠷᠢᠯᠡᠬᠦ ᠠᠷᠭ᠎ᠠ︾ ᠶᠢ ᠬᠢᠨᠠᠮᠠᠭᠠᠢ ᠤᠡᠭᠰᠢᠵᠤ᠂ ᠵᠢᠷᠣᠮ ᠳᠠᠬᠢ ᠲᠤᠭᠲᠠᠭᠠᠯ | ᠶᠣᠰᠣᠭᠠᠷ ᠲᠠᠭᠯᠠᠵᠤ ᠪᠠᠯᠠᠯᠣᠨ᠂ ᠰᠢᠯᠭᠠᠯᠲᠠ ᠶᠢ ᠬᠠᠷᠢᠭᠤᠯᠬᠤ ᠬᠡᠷᠡᠭᠳᠡᠢ︔ ᠦᠨᠡᠨᠴᠢ ᠢᠲᠠᠬᠡᠮᠵᠢ ᠲᠠᠢ ᠪᠠᠷ | ᠰᠢᠯᠭᠠᠯᠲᠠ ᠳᠤ ᠤᠷᠤᠯᠴᠠᠨ᠂ ᠰᠢᠯᠭᠠᠯᠲᠠ ᠶᠢᠨ ᠰᠠᠬᠢᠯᠭ᠎ᠠ ᠪᠠᠲᠤ ᠶᠢ ᠰᠠᠬᠢᠵᠣ᠂ ᠰᠢᠯᠭᠠᠯᠲᠠ ᠶᠢᠨ ᠲᠠᠯᠠᠪᠤᠷ ᠤᠨ ᠡᠮᠬᠢ | ᠵᠢᠷᠤᠮ ᠢ ᠬᠠᠮᠠᠭᠠᠯᠠᠬᠤ ᠬᠡᠷᠡᠭᠲᠠᠢ᠃ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠣᠢ ᠪᠦᠬᠦᠢ ᠰᠢᠯᠭᠠᠯᠳᠠ ᠶᠢᠨ ᠴᠢᠬ ᠲᠤ ᠣᠷᠣᠬᠤ | ᠭᠠᠵᠠᠷ ᠲᠤ᠂ ᠪᠦᠷ ᠠᠮᠣᠷ ᠲᠦᠪᠰᠢᠨ ᠤ ᠪᠠᠶᠢᠴᠠᠭᠠᠯᠳᠠ ᠶᠢᠨ ᠨᠡᠪᠳᠡᠷᠡᠬᠦ ᠵᠠᠮ ᠳᠣᠬᠢᠷᠠᠭᠤᠯᠵᠣ᠂ ᠰᠢᠯᠭᠠᠯᠳᠠ ᠳᠤ | ᠣᠷᠣᠯᠴᠠᠭᠰᠠᠳ ᠤᠨ ᠬᠦᠴᠦᠨ ᠲᠠᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠢᠷᠪᠢᠵᠦ᠂ ᠳᠣᠬᠠᠢ ᠶᠢᠨ | ᠳᠠᠯᠠᠪᠠᠢ ᠳᠤ ᠰᠡᠭᠦᠳᠡᠷᠯᠡᠨ ᠬᠦᠮᠦᠨ ᠤ ᠨᠢᠭᠤᠷ ᠴᠢᠷᠠᠢ ᠶᠢ ᠠᠳᠠᠯᠢᠳᠬᠠᠨ ᠢᠯᠭᠠᠨ ᠳᠠᠨᠢᠨ᠎ᠠ᠂ ᠰᠢᠯᠭᠠᠯᠳᠠ ᠳᠤ | ᠣᠷᠣᠯᠴᠠᠭᠰᠠᠳ ᠣᠳᠠᠭ᠎ᠠ ᠪᠦᠷᠢ ᠶᠢᠨ ᠰᠢᠯᠭᠠᠯᠳᠠ ᠠᠴᠠ ᠡᠮᠦᠨ᠎ᠡ᠂ ᠣᠬᠠᠮᠰᠠᠷ ᠠᠴᠠ ᠪᠠᠨ ᠠᠵᠢᠯᠳᠠᠳ ᠤᠨ | ᠪᠠᠶᠢᠴᠠᠭᠠᠯᠳᠠ ᠳᠤ ᠬᠠᠮᠵᠢᠵᠣ᠂ ᠡᠮᠬᠢ ᠳᠠᠷᠠᠭᠠᠯᠠᠯ ᠢᠶᠠᠷ ᠢᠶᠠᠨ ᠳᠠᠯᠠᠪᠠᠢ ᠳᠤ ᠣᠷᠣᠬᠤ ᠬᠡᠷᠡᠭᠳᠡᠢ᠃ ᠠᠮᠣᠷ | ᠲᠦᠪᠰᠢᠨ ᠤ ᠪᠠᠶᠢᠴᠠᠭᠠᠯᠳᠠ ᠳᠤ ᠲᠦᠭᠵᠢᠷᠡᠯ ᠭᠠᠷᠬᠤ ᠠᠴᠠ ᠵᠠᠶᠢᠯᠠᠰᠬᠢᠵᠣ᠂ ᠰᠢᠯᠭᠠᠯᠳᠠ ᠳᠤ ᠣᠷᠣᠯᠴᠠᠭᠰᠠᠳ ᠤᠨ | ᠴᠠᠭ ᠲᠠᠭᠠᠨ ᠰᠢᠯᠭᠠᠯᠳᠠ ᠶᠢᠨ ᠳᠠᠯᠠᠪᠠᠢ ᠳᠤ ᠣᠷᠣᠬᠤ ᠶᠢ ᠪᠠᠳᠣᠯᠠᠬᠤ ᠶᠢᠨ ᠲᠦᠯᠦᠭᠡ᠂ ᠰᠢᠯᠭᠠᠯᠳᠠ ᠳᠤ | ᠣᠷᠣᠯᠴᠠᠭᠰᠠᠳ ᠣᠷᠢᠳᠴᠢᠯᠠᠨ ᠰᠢᠯᠭᠠᠯᠳᠠ ᠶᠢᠨ ᠴᠢᠬ ᠲᠤ ᠬᠦᠷᠬᠦ ᠶᠢ ᠰᠠᠨᠠᠭᠤᠯᠵᠣ ᠪᠠᠶᠢᠨ᠎ᠠ᠃ | ᠲᠠᠪᠤ᠂ ᠪᠤᠰᠤᠳ ᠵᠦᠢᠯᠡᠰ ᠲᠤᠭᠲᠠᠭᠰᠠᠨ ᠬᠤᠭᠤᠴᠠᠭᠠᠨ ᠲᠤᠲᠤᠷ᠎ᠠ᠂ ᠨᠠᠷᠠ ᠮᠡᠲᠠᠬᠦᠯᠦᠭᠰᠡᠳ ᠦᠪᠠᠰᠤᠪᠠᠨ | ᠰᠦᠯᠵᠢᠶ᠎ᠡ ᠲᠠᠬᠡᠷ᠎ᠠ ᠨᠠᠷᠠ ᠮᠡᠲᠠᠬᠦᠯᠬᠦ᠂ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ | ᠲᠠᠷᠤᠮᠠᠯᠯᠠᠬᠤ ᠵᠢᠴᠢ ᠭᠠᠶᠢᠯᠢ ᠶᠢᠨ ᠪᠤᠰᠤ ᠤᠷᠤᠯᠭ᠎ᠠ ᠶᠢᠨ ᠡᠩ ᠤᠨ ᠰᠦᠢᠳᠭᠡᠯ ᠲᠤᠰᠢᠶᠠᠭᠰᠠᠨ ᠪᠢᠴᠢᠭ ᠠᠪᠬᠤ ᠵᠡᠷᠬᠡ | ᠵᠦᠢᠯᠡᠰ ᠢ ᠬᠦᠢᠴᠡᠳᠬᠡᠵᠤ ᠲᠠᠶᠢᠯᠬᠦ ᠦᠬᠡᠢ ᠪᠤᠯ᠂ ᠨᠠᠷᠠ ᠮᠡᠲᠠᠬᠦᠯᠦᠨ ᠰᠢᠯᠭᠠᠬᠤ ᠭᠠᠵᠠᠷ ᠤᠨ ᠢᠶᠠᠨ ᠠᠶᠢᠮᠠᠬ | ᠬᠤᠲᠠ ᠶᠢᠨ ᠬᠠᠤᠯᠢ ᠴᠠᠭᠠᠵᠠ ᠶᠢᠨ ᠳᠣᠪᠴᠢᠶ᠎ᠠ ᠶᠢᠨ ᠬᠠᠤᠯᠢ ᠴᠠᠭᠠᠵᠠ ᠶᠢᠨ ᠰᠢᠯᠭᠠᠯᠲᠠ ᠶᠢᠨ ᠠᠯᠪᠠᠨ ᠵᠠᠷ ᠢ | ᠪᠠᠶᠢᠴᠠᠭᠠᠨ ᠯᠠᠪᠯᠠᠭᠠᠷᠠᠢ᠃ | 2016 ᠣᠨ ᠳᠤ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠯᠣᠰ ᠤᠨ ᠬᠠᠣᠯᠢ | ᠴᠠᠭᠠᠵᠠ ᠶᠢᠨ ᠰᠢᠯᠭᠠᠯᠳᠠ ᠳᠤ ᠬᠦᠬᠡᠬᠤᠳᠠ᠂ ᠪᠣᠭᠤᠳᠣ᠂ ᠬᠦᠯᠦᠨ ᠪᠤᠶᠢᠷ᠂ ᠬᠢᠩᠭᠠᠨ᠂ ᠲᠦᠩᠯᠢᠶᠣᠣ᠂ | ᠣᠯᠠᠭᠠᠨᠬᠠᠳᠠ᠂ ᠰᠢᠯᠢ ᠶᠢᠨ ᠭᠤᠣᠯ᠂ ᠣᠯᠠᠭᠠᠨᠴᠠᠪ᠂ ᠣᠷᠳᠣᠰ᠂ ᠪᠠᠶᠠᠨᠨᠠᠭᠤᠷ᠂ ᠦᠬᠠᠢ ᠵᠡᠷᠭᠡ 11 | ᠰᠢᠯᠭᠠᠯᠳᠠ ᠶᠢᠨ ᠳᠣᠭᠤᠷᠢᠭ ᠳᠣᠬᠢᠷᠠᠭᠤᠯᠣᠨ᠎ᠠ᠂ ᠡᠭᠦᠨ ᠳᠤ ᠦᠬᠠᠢ ᠶᠢᠨ ᠰᠢᠯᠭᠠᠯᠳᠠ ᠶᠢᠨ ᠳᠣᠭᠤᠷᠢᠭ ᠲᠤ ᠦᠬᠠᠢ | ᠬᠤᠳᠠ᠂ ᠠᠯᠠᠱᠠ ᠠᠶᠢᠮᠠᠭ ᠢ ᠪᠠᠭᠳᠠᠭᠠᠨ᠎ᠠ᠃ | ᠨᠡᠷ᠎ᠠ ᠮᠡᠲᠠᠬᠦᠯᠦᠨ ᠰᠢᠯᠭᠠᠬᠤ ᠭᠠᠵᠠᠷ ᠤᠨ ᠠᠶᠢᠮᠠᠬ ᠬᠤᠲᠠ ᠶᠢᠨ ᠬᠠᠤᠯᠢ ᠴᠠᠭᠠᠵᠠ ᠶᠢᠨ | ᠲᠤᠪᠴᠢᠶ᠎ᠠ ᠶᠢᠨ ᠢᠶᠠᠨ ᠬᠠᠤᠯᠢ ᠴᠠᠭᠠᠵᠠ ᠶᠢᠨ ᠰᠢᠯᠭᠠᠯᠲᠠ ᠶᠢᠨ ᠰᠠᠯᠠᠭ᠎ᠠ ᠮᠦ᠋ᠴᠢᠷ ᠤᠨ ᠠᠰᠠᠭᠤᠨ ᠯᠠᠪᠯᠠᠬᠤ ᠣᠳᠠᠰᠣ᠄ | ᠬᠦᠬᠡᠬᠤᠲᠠ᠄ 0471 — 4978483 | ᠪᠤᠭᠤᠲᠤ ᠬᠤᠲᠠ᠄ 0472 — 5102223 | ᠬᠦᠯᠤᠨ ᠪᠤᠶᠢᠷ ᠬᠤᠲᠠ᠄ 0470 — 8217972 | ᠬᠢᠨᠭ᠍ᠭᠠᠨ ᠠᠶᠢᠮᠠᠬ᠄ 0482 — 8267124᠂ 0470 — 8217980 | ᠲᠦᠡᠭᠯᠢᠶᠤᠤ ᠬᠤᠲᠠ᠄ 0475 — 8835221 | ᠤᠯᠠᠭᠠᠨᠬᠠᠲᠠ ᠬᠤᠲᠠ᠄ 0476 — 8820166 | ᠰᠢᠯᠢ ᠶᠢᠨ ᠭᠤᠤᠯ ᠠᠶᠢᠮᠠᠬ᠄ 0479 — 8267177 | ᠤᠯᠠᠭᠠᠨᠴᠠᠪ ᠬᠤᠲᠠ᠄ 0474 — 8985078 | ᠣᠷᠳᠣᠰ ᠬᠤᠳᠠ᠄ 0477 — 8588587 | ᠪᠠᠶᠠᠨᠨᠠᠭᠤᠷ ᠬᠤᠳᠠ᠄ 0478 — 7988196 | ᠦᠬᠠᠢ ᠬᠤᠲᠠ᠄ 0473 — 3998776 | ᠠᠯᠠᠱᠠ ᠠᠶᠢᠮᠠᠬ᠄ 0483 — 8331643 | ᠦᠪᠠᠷᠲᠠᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠬᠠᠤᠯᠢ ᠴᠠᠭᠠᠵᠠ ᠶᠢᠨ | ᠰᠢᠯᠭᠠᠯᠲᠠ ᠶᠢᠨ ᠭᠠᠵᠠᠷ ᠤᠨ ᠠᠰᠠᠭᠤᠨ ᠯᠠᠪᠯᠠᠬᠤ ᠤᠲᠠᠰᠤ᠄ 0471 — 5301421᠂ 0471 — | 5301461 | | ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ | 2016 ᠤᠨ ᠤ 6 ᠳ᠋ᠤᠭᠠᠷ ᠰᠠᠷ᠎ᠠ ᠶᠢᠨ 7 ᠤ ᠡᠲᠤᠷ | | | | |