| 6 ᠳ᠋ᠤᠭᠠᠷ ᠰᠠᠷ᠎ᠠ ᠶᠢᠨ 12 ᠤᠨ ᠡᠳᠦᠷ᠂ ᠦᠪᠡᠷᠳᠡᠭᠡᠨ ᠵᠠᠰᠬᠠᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠲᠢᠩᠬᠢᠮ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠲᠡᠭᠡᠷ᠎ᠡ ᠬᠠᠭᠠᠰ ᠵᠢᠯ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠲᠦᠪ ᠤᠨ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠪᠦᠬᠦᠳᠡ ᠬᠤᠷᠠᠯ ᠪᠠ ᠦᠪᠡᠷᠳᠡᠭᠡᠨ | ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠤᠳᠠᠭ᠎ᠠ ᠶᠢᠨ ᠪᠦᠬᠦᠳᠡ ᠬᠤᠷᠠᠯ | ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠭᠤᠷᠢᠨ ᠳᠤ ᠰᠤᠷᠤᠯᠴᠠᠵᠤ ᠰᠤᠳᠤᠯᠤᠨ | ᠶᠠᠷᠢᠯᠴᠠᠬᠰᠠᠨ ᠪᠦᠭᠡᠳ ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠡᠭᠦᠷᠭᠡ ᠶᠢ ᠲᠤᠤᠱᠯᠠᠭᠤᠯᠤᠨ | ᠨᠡᠶᠢᠳᠡᠪᠦᠷᠢᠵᠢᠭᠤᠯᠬᠤ ᠠᠵᠢᠯ ᠢ ᠰᠠᠶᠢᠳᠤᠷ ᠠᠳᠬᠤᠬᠤ ᠲᠤᠬᠠᠢ ᠱᠠᠭᠠᠷᠳᠠᠯᠭ᠎ᠠ ᠲᠤᠷᠠᠳᠴᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠤᠷᠠᠯ ᠡᠷᠬᠢᠯᠡᠵᠤ ᠶᠠᠷᠢᠶ᠎ᠠ ᠲᠠᠯᠪᠢᠪᠠ᠃ | ᠵᠠᠩ ᠯᠢ ᠴᠢᠬᠤᠯᠠᠴᠢᠯᠠᠬᠰᠠᠨ ᠨᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ | ᠤᠳᠠᠭ᠎ᠠ ᠶᠢᠨ ᠪᠦᠬᠦᠳᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ | ᠲᠤᠯᠤᠳᠤᠭᠠᠷ ᠤᠳᠠᠭ᠎ᠠ ᠶᠢᠨ ᠪᠦᠬᠦᠳᠡ ᠬᠤᠷᠠᠯ ᠪᠤᠯ ᠡᠨᠡ ᠵᠢᠯ ᠤᠨ ᠠᠵᠢᠯ ᠢ ᠰᠠᠶᠢᠳᠤᠷ ᠬᠢᠭᠦ ᠦᠨᠳᠦᠰᠦᠨ ᠵᠢᠷᠤᠮᠯᠠᠯ | ᠪᠤᠯᠬᠤ ᠪᠦᠭᠡᠳ ᠪᠦᠬᠦ ᠲᠠᠯ᠎ᠠ ᠶᠢ ᠬᠠᠮᠢᠶᠠᠷᠦᠨ᠂ ᠪᠦᠬᠦ ᠵᠢᠯ ᠤᠨ ᠠᠵᠢᠯ ᠢ ᠬᠠᠮᠢᠶᠠᠷᠬᠤ ᠠᠵᠢᠯᠯᠠᠭ᠎ᠠ ᠶᠢᠨ ᠵᠦᠭᠯᠡᠭᠦᠷ | ᠪᠤᠯᠤᠨ᠎ᠠ᠃ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠬᠤᠶᠠᠷ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠶᠢᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠦᠵᠡᠯ ᠰᠠᠨᠠᠭ᠎ᠠ ᠶᠢᠨ ᠤᠬᠠᠮᠰᠠᠷ᠂ | ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠭᠦ ᠲᠡᠭᠡᠭᠰᠢᠯᠡᠬᠦᠯᠵᠤ᠂ ᠦᠵᠡᠯ ᠰᠠᠨᠠᠭ᠎ᠠ ᠪᠤᠯᠤᠨ ᠦᠢᠯᠡ | ᠠᠵᠢᠯᠯᠠᠭ᠎ᠠ ᠪᠠᠨ ᠪᠦᠬᠦᠳᠡ ᠬᠤᠷᠠᠯ ᠤᠨ ᠵᠤᠷᠢᠭ ᠰᠠᠨᠠᠭ᠎ᠠ ᠲᠠᠢ ᠦᠨᠡᠨᠬᠦ ᠨᠢᠭᠡᠳᠦᠭᠦᠯᠵᠤ᠂ ᠪᠦᠬᠦᠳᠠ ᠬᠤᠷᠠᠯ ᠠᠴᠠ | ᠪᠠᠶᠢᠷᠢᠯᠠᠭᠤᠯᠤᠭᠰᠠᠨ ᠡᠭᠦᠷᠭᠡ ᠶᠢᠨ ᠱᠠᠭᠠᠷᠳᠠᠯᠭ᠎ᠠ ᠲᠠᠢ ᠦᠨᠡᠨᠬᠦ ᠨᠢᠭᠡᠳᠦᠭᠦᠯᠭᠦ ᠬᠡᠷᠡᠭᠳᠡᠢ᠃ ︽ᠪᠠᠷᠢᠮᠳᠠᠯᠠᠬᠤ ᠲᠤᠮᠳᠠ | ᠬᠦᠨᠵᠡᠭᠡᠶᠢᠷᠡᠭᠦᠯᠬᠦ᠂ ᠬᠦᠨᠵᠡᠭᠡᠶᠢᠷᠡᠭᠦᠯᠬᠦ ᠲᠤᠮᠳᠠ ᠪᠠᠷᠢᠮᠳᠠᠯᠠᠬᠤ︾ ᠱᠠᠭᠠᠷᠳᠠᠯᠭ᠎ᠠ ᠶᠤᠰᠤᠭᠠᠷ᠂ ︽ᠲᠦᠷᠪᠡᠨ ᠰᠤᠷᠳᠠᠯ︾ | ᠢ ᠴᠡᠭᠴᠡᠯᠡᠨ ᠰᠠᠶᠢᠵᠢᠷᠠᠭᠤᠯᠤᠬᠰᠠᠨ ᠦᠷ᠎ᠡ ᠪᠦᠳᠦᠭᠡᠯ ᠢᠶᠠᠨ ᠪᠠᠬᠢᠵᠢᠭᠦᠯᠦᠨ ᠬᠦᠨᠵᠡᠭᠡᠶᠢᠷᠡᠭᠦᠯᠭᠦ ᠬᠡᠷᠡᠭᠳᠡᠢ᠃ | ᠶᠠᠳᠠᠭᠤ ᠶᠢ ᠲᠡᠳᠭᠦᠭᠦ ᠬᠦᠷᠢᠶ᠎ᠠ ᠴᠠᠷᠠᠭ᠎ᠠ ᠳᠠᠬᠢ ᠬᠢᠨᠠᠯᠳᠠ ᠲᠠᠯᠪᠢᠬᠤ ᠰᠠᠬᠢᠯᠭ᠎ᠠ ᠪᠠᠳᠤ ᠶᠢ ᠬᠡᠷᠡᠭᠵᠢᠭᠦᠯᠭᠦ | ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠨ᠂ ᠤᠯᠠᠨ ᠲᠦᠮᠡᠨ ᠤ ᠲᠡᠷᠭᠡᠲᠡ ᠡᠬᠦᠰᠦᠭᠰᠡᠨ ᠤᠯᠠᠨ ᠲᠦᠮᠡᠨ ᠤ | ᠠᠰᠢᠭ ᠲᠤᠰᠠ ᠲᠤ ᠬᠠᠯᠳᠠᠬᠰᠠᠨ ᠲᠦᠪ ᠪᠤᠰᠤ ᠰᠤᠷᠳᠠᠯ ᠪᠠ ᠢᠯᠵᠢᠷᠠᠯ ᠤᠨ ᠠᠰᠠᠭᠤᠳᠠᠯ ᠢ ᠦᠨᠡᠨᠭᠦ ᠰᠢᠢᠳᠪᠦᠷᠢᠯᠡᠵᠤ | ᠂ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠪᠦᠳᠦᠮᠵᠢᠳᠡᠢ ᠦᠷᠬᠦᠯᠵᠢᠯᠡᠬᠦᠯᠬᠦ ᠶᠢ ᠠᠬᠢᠭᠤᠯᠬᠤ | ᠬᠡᠷᠡᠭᠳᠡᠢ᠃ ᠰᠠᠬᠢᠯᠭ᠎ᠠ ᠪᠠᠳᠤ ᠪᠤᠯᠤᠨ ᠶᠤᠰᠤ ᠲᠦᠷᠢᠮ ᠢ ᠲᠡᠷᠢᠭᠦᠨ ᠳᠤ ᠳᠠᠯᠪᠢᠬᠤ ᠶᠢ ᠪᠠᠷᠢᠮᠳᠠᠯᠠᠵᠤ᠂ ᠬᠢᠨᠠᠯᠳᠠ | ᠲᠠᠯᠪᠢᠵᠦ ᠰᠠᠬᠢᠯᠭ᠎ᠠ ᠪᠠᠳᠤ ᠶᠢ ᠬᠡᠷᠡᠭᠵᠢᠭᠦᠯᠭᠦ ︽ᠲᠦᠷᠪᠡᠨ ᠵᠦᠢᠯ ᠤᠨ ᠭᠡᠯᠪᠠᠷᠢ︾ ᠶᠢ ᠵᠦᠪ ᠡᠵᠡᠮᠲᠡᠨ ᠬᠡᠷᠡᠭᠯᠡᠭᠦ | ᠬᠡᠷᠡᠭᠳᠡᠢ᠃ ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠠᠵᠢᠯ ᠢ ᠴᠢᠩᠭᠠᠳᠬᠠᠵᠤ᠂ ᠰᠠᠬᠢᠯᠭ᠎ᠠ ᠪᠠᠳᠤ | ᠪᠠᠶᠢᠴᠠᠭᠠᠬᠤ ᠪᠠᠶᠢᠭᠤᠯᠤᠮᠵᠢ ᠶᠢ ᠲᠤᠮᠢᠯᠠᠨ ᠰᠠᠭᠤᠯᠭᠠᠬᠤ ᠶᠢ ᠪᠦᠷᠭᠦᠭᠦᠯᠭᠦ ᠠᠵᠢᠯ ᠢ ᠠᠬᠢᠭᠤᠯᠬᠤ ᠬᠡᠷᠡᠭᠳᠡᠢ᠃ | ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠪᠠ ᠬᠡᠪ ᠰᠤᠷᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ | ᠠᠶᠢᠮᠠᠭᠯᠠᠨ ᠪᠦᠯᠦᠭᠯᠡᠬᠦ᠂ ᠬᠤᠭᠤᠴᠠᠭ᠎ᠠ ᠰᠤᠯᠢᠬᠤ ᠠᠵᠢᠯ ᠢ ᠬᠠᠷᠰᠢᠯᠠᠬᠤ ᠵᠡᠷᠭᠡ ᠦᠢᠯᠡ ᠠᠵᠢᠯᠯᠠᠭ᠎ᠠ ᠵᠢᠴᠢ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢᠶᠠᠷ ᠲᠤᠬᠢᠶᠠᠯ ᠪᠤᠯᠭᠠᠵᠤ ᠬᠤᠪᠢ ᠶᠢᠨ ᠦᠰᠢᠶ᠎ᠡ ᠠᠪᠬᠤ | ᠲᠠᠷᠠᠴᠢᠯᠠᠨ ᠬᠦᠳᠭᠡᠨ ᠬᠤᠤᠷᠯᠠᠬᠤ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠬᠤᠭᠤᠴᠠᠭ᠎ᠠ | ᠰᠤᠯᠢᠬᠤ ᠰᠠᠬᠢᠯᠭ᠎ᠠ ᠪᠠᠳᠤ ᠶᠢ ᠡᠷᠡᠰ ᠰᠠᠬᠢᠬᠤ ᠭᠡᠷᠡᠭᠳᠡᠢ ᠭᠡᠪᠠ᠃ | ᠵᠠᠩ ᠯᠢ ᠱᠠᠭᠠᠷᠳᠠᠬᠰᠠᠨ ᠨᠢ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠬᠤᠶᠠᠷ ᠱᠠᠳᠤᠨ ᠤ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠦᠬᠦᠳᠡ ᠬᠤᠷᠠᠯ ᠤᠨ ᠡᠭᠦᠷᠭᠡ ᠶᠢ ᠲᠤᠤᠱᠯᠠᠭᠤᠯᠤᠠ | ᠨᠡᠶᠢᠳᠡᠪᠦᠷᠢᠵᠢᠭᠤᠯᠬᠤ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠬᠡᠷᠡᠭᠳᠡᠢ᠃ ᠪᠦᠬᠦᠳᠡ ᠬᠤᠷᠠᠯ ᠠᠴᠠ | ᠪᠠᠶᠢᠷᠢᠯᠠᠭᠤᠯᠤᠭᠰᠠᠨ ᠡᠭᠦᠷᠭᠡ ᠶᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠬᠤ ᠶᠢ ᠴᠢᠩᠭᠠᠳᠬᠠᠨ᠂ ᠠᠵᠢᠯ | ᠦᠷᠨᠢᠬᠦᠯᠥᠭᠰᠡᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠤ᠂ ᠡᠯ᠎ᠠ ᠵᠦᠢᠯ ᠤᠨ ᠡᠭᠦᠷᠭᠡ ᠶᠢ ᠲᠤᠭᠳᠠᠭᠤᠨ ᠢᠶᠠᠷ | ᠠᠬᠢᠭᠤᠯᠬᠤ ᠶᠢ ᠪᠠᠳᠤᠯᠠᠬᠤ ᠬᠡᠷᠡᠭᠳᠡᠢ᠃ ᠵᠠᠷᠢᠮ ᠭᠤᠤᠯᠳᠠᠯᠭ᠎ᠠ ᠲᠠᠢ ᠠᠵᠢᠯ ᠡᠭᠦᠷᠭᠡ ᠳᠤ᠂ ᠠᠶᠢᠮᠠᠭ ᠬᠤᠳᠠ᠂ | ᠬᠤᠰᠢᠭᠤ ᠰᠢᠶᠠᠨ ᠪᠠ ᠲᠤᠮᠢᠯᠠᠨ ᠰᠠᠭᠤᠯᠭᠠᠬᠰᠠᠨ ᠪᠠᠶᠢᠭᠤᠯᠤᠮᠵᠢ ᠳᠤ ᠬᠦᠨᠵᠡᠭᠡᠶᠢᠷᠡᠨ ᠲᠤᠬᠠᠢ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠭᠤᠳᠴᠤ᠂ ᠠᠵᠢᠯ ᠤᠨ ᠲᠤᠮᠳᠠ ᠲᠤᠯᠭᠠᠷᠠᠭᠰᠠᠨ ᠪᠤᠳᠠᠳᠠᠢ ᠠᠰᠠᠭᠤᠳᠠᠯ | ᠢ ᠨᠢ ᠬᠠᠪᠰᠤᠷᠤᠨ ᠰᠢᠢᠳᠪᠦᠷᠢᠯᠡᠵᠤ᠂ ︽ᠲᠦᠷᠭᠦᠮ︾ ᠪᠠ ︽ᠦᠮᠦᠭ ᠲᠦᠰᠢᠭ︾ ᠨᠢ ᠪᠤᠯᠬᠤ ᠬᠡᠷᠡᠭᠳᠡᠢ᠃ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠲᠠᠢ | ᠤᠶᠠᠯᠳᠤᠭᠤᠯᠤᠨ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠬᠦᠮᠦᠵᠢᠯ ᠬᠠᠮᠢᠶᠠᠷᠤᠯᠳᠠ | ᠬᠢᠨᠠᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ | ᠡᠭᠦᠷᠭᠡᠯᠡᠭᠦ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠡᠩᠨᠡᠭᠡ ᠶᠢ ᠬᠦᠴᠦᠯᠡᠨ ᠪᠠᠶᠢᠭᠤᠯᠬᠤ | ᠬᠡᠷᠡᠭᠳᠡᠢ ᠬᠡᠵᠡᠢ᠃ |