ᠦᠬᠠᠶ ᠬᠤᠳᠠ ᠶᠢᠨ ︽ᠠᠷᠪᠠ ᠶᠢ ᠪᠦᠷᠢᠨ ᠪᠦᠷᠬᠦᠬᠦᠯᠦᠭᠰᠡᠨ︾ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 80 ᠨᠠᠰᠤᠨ ᠠᠴᠠ ᠳᠡᠭᠡᠭᠰᠢᠬᠢ ᠨᠠᠰᠤᠲᠠᠨ ᠳᠤ 1-5 ᠳ᠋ᠤᠭᠠᠷ ᠰᠠᠷ᠎ᠠ ᠳᠤ ᠨᠠᠰᠤᠵᠢᠯ ᠤᠨ ᠨᠡᠮᠡᠭᠦᠷᠢ ᠤᠯᠭᠤᠭᠰᠠᠨ ᠪᠠᠶᠢᠳᠠᠯ
ᠨᠡᠶᠢᠲᠡᠯᠡᠭᠰᠡᠨ ᠴᠠᠭ᠄
2016/6/13
      2016 ᠤᠨ ᠳᠤ ᠦᠬᠠᠶ ᠬᠤᠳᠠ ᠶᠢᠨ ᠨᠠᠰᠤᠵᠢᠯ ᠤᠨ ᠵᠥᠪᠯᠡᠯ ᠤᠨ ᠠᠯᠪᠠᠨ ᠭᠡᠷ ︽ᠲᠠᠷᠢᠶᠠᠯᠠᠬᠤ ᠣᠷᠣᠨ ᠤ ︿ᠠᠷᠪᠠ ᠶᠢ ᠪᠦᠷᠢᠨ ᠪᠦᠷᠬᠦᠬᠦᠯᠬᠦ﹀᠎ ᠶᠢ ᠬᠡᠷᠡᠭᠵᠢᠭᠦᠯᠬᠦ ᠳᠤ ᠨᠠᠰᠤᠵᠢᠯ ᠤᠨ ᠨᠡᠮᠡᠭᠦᠷᠢ ᠶᠢ ᠪᠦᠷᠢᠨ ᠪᠦᠷᠬᠦᠬᠦᠯᠬᠦ ᠲᠤᠬᠠᠢ 2016 ᠣᠨ ᠤ ᠠᠵᠢᠯ ᠤᠨ ᠲᠥᠰᠦᠯ ᠤᠨ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠠᠴᠠ 183 ᠲᠦᠮᠡᠨ ᠲᠥᠭᠦᠷᠢᠭ ᠤᠨ ᠨᠠᠰᠤᠵᠢᠯ ᠤᠨ ᠨᠡᠮᠡᠭᠦᠷᠢ ᠪᠡᠯᠡ ᠮᠥᠩᠭᠦ ᠶᠢ ᠭᠤᠶᠤᠴᠢᠯᠠᠨ ᠦᠭᠴᠠᠢ᠂ ᠡᠭᠦᠨ ᠳᠤ᠂ ︽ᠠᠷᠪᠠ ᠶᠢ ᠪᠦᠷᠢᠨ ᠪᠦᠷᠬᠦᠭᠦᠯᠦᠭᠰᠡᠨ︾ ᠲᠠᠷᠢᠶᠠᠯᠠᠬᠤ ᠣᠷᠣᠨ ᠪᠣᠯᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 620 ᠬᠥᠮᠦᠨ ᠳᠤ 22.32 ᠲᠦᠮᠡᠨ ᠲᠥᠭᠦᠷᠢᠭ ᠤᠯᠭᠤᠪᠠ︔ ᠬᠤᠳᠠ ᠶᠢᠨ ᠡᠳ᠋ ᠤᠨ ᠵᠠᠰᠠᠭ ᠠᠴᠠ ᠢᠵᠢ ᠪᠦᠷᠢᠳᠦᠭᠦᠯᠬᠦ ᠪᠠᠷ 252 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ︽ᠠᠷᠪᠠ ᠶᠢ ᠪᠦᠷᠢᠨ ᠪᠦᠷᠬᠦᠬᠦᠯᠦᠭᠰᠡᠨ︾ ᠲᠠᠷᠢᠶᠠᠯᠠᠬᠤ ᠣᠷᠣᠨ ᠪᠣᠯᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 620 ᠬᠥᠮᠦᠨ ᠳᠤ 26.04 ᠲᠦᠮᠡᠨ ᠲᠥᠭᠦᠷᠢᠭ ᠤᠯᠭᠤᠪᠠ᠃ ᠡᠯ᠎ᠡ ᠵᠦᠢᠯ ᠤᠨ ᠨᠠᠰᠤᠵᠢᠯ ᠤᠨ ᠨᠡᠮᠡᠭᠦᠷᠢ ᠪᠡᠯᠡ ᠮᠥᠩᠭᠦ ᠶᠢ ᠨᠢᠭᠡᠨᠲᠡ ᠭᠤᠷᠪᠠᠨ ᠣᠷᠣᠨ ᠳᠤ ᠪᠠᠭᠤᠯᠭᠠᠵᠤ᠂ ᠭᠤᠶᠤᠴᠢᠯᠠᠬᠤ᠂ ᠬᠢᠨᠠᠨ ᠬᠠᠷᠭᠤᠭᠤᠯᠬᠤ᠂ ︽ᠪᠥᠬᠦᠨ ᠳᠤ ᠲᠤᠬᠢᠷᠠᠬᠤ ᠺᠠᠷᠲ︾᠎ ᠲᠤ ᠤᠷᠤᠭᠤᠯᠬᠤ ᠠᠵᠢᠯ ᠴᠥᠮ ᠪᠡᠯᠡᠨ ᠪᠣᠯᠪᠠ᠃ ᠣᠳᠣᠬᠠᠨ ᠪᠣᠯᠲᠠᠯ᠎ᠠ᠂ ᠪᠦᠬᠦ ᠬᠤᠲᠠ ᠶᠢᠨ 1-5 ᠳ᠋ᠤᠭᠠᠷ ᠰᠠᠷ᠎ᠠ ᠳᠤ ︽ᠠᠷᠪᠠ ᠶᠢ ᠪᠦᠷᠢᠨ ᠪᠦᠷᠬᠦᠬᠦᠯᠦᠭᠰᠡᠨ︾ ᠲᠠᠷᠢᠶᠠᠯᠠᠬᠤ ᠣᠷᠣᠨ ᠪᠣᠯᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 80 ᠨᠠᠰᠤᠨ ᠠᠴᠠ ᠳᠡᠭᠡᠭᠰᠢᠬᠢ 473 ᠨᠠᠰᠤᠲᠠᠳ ᠲᠤ 23.17 ᠲᠦᠮᠡᠨ ᠲᠥᠭᠦᠷᠢᠭ ᠤᠨ ᠨᠠᠰᠤᠵᠢᠯ ᠤᠨ ᠨᠡᠮᠡᠭᠦᠷᠢ ᠤᠯᠭᠤᠪᠠ᠃ ᠡᠭᠦᠨ ᠳᠤ᠂ ᠬᠠᠶᠢᠨᠠᠨ ᠲᠣᠭᠤᠷᠢᠭ 391 ᠬᠥᠮᠦᠨ ᠳᠤ 19.24 ᠲᠦᠮᠡᠨ ᠲᠥᠭᠦᠷᠢᠭ ᠤᠯᠭᠤᠵᠤ᠂ ᠤᠳᠠ ᠲᠤᠭᠤᠷᠢᠭ 82 ᠬᠥᠮᠦᠨ ᠳᠤ 3.93 ᠲᠦᠮᠡᠨ ᠲᠥᠭᠦᠷᠢᠭ ᠤᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号