ᠡᠷᠢᠶᠡᠨ ᠬᠤᠳᠠ ᠠᠵᠢᠯᠳᠠᠨ ᠠᠵᠢᠯᠴᠢᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠠᠭᠠᠳᠤ ᠵᠠᠬ᠎ᠠ ᠶᠢᠨ ᠰᠠᠭᠤᠷᠢ ᠲᠤᠭ᠎ᠠ ᠶᠢ ᠲᠣᠬᠢᠷᠠᠭᠤᠯᠪᠠ
ᠨᠡᠶᠢᠲᠡᠯᠡᠭᠰᠡᠨ ᠴᠠᠭ᠄
2016/6/13
     2016 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ︾᠎ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢᠶᠠᠷ ᠪᠣᠯ᠄ ᠬᠥᠮᠦᠨ ᠬᠡᠷᠡᠭᠯᠡᠬᠦ ᠨᠢᠭᠡᠴᠡ ᠶᠢᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠨᠢ ᠨᠢᠭᠡᠳᠦᠯᠲᠡᠶ  ᠲᠥᠯᠥᠪᠯᠡᠭᠰᠡᠨ ᠭᠠᠵᠠᠷ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 80%᠎ ᠠᠴᠠ ᠳᠣᠣᠷ᠎ᠠ ᠪᠠᠶᠢᠪᠠᠯ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 80%᠎ ᠪᠠᠷ ᠰᠦᠢᠳᠬᠡᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ︔ ᠨᠢᠭᠡᠳᠦᠯᠲᠡᠶ ᠲᠥᠯᠥᠪᠯᠡᠭᠰᠡᠨ ᠭᠠᠵᠠᠷ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 300%᠎ ᠠᠴᠠ ᠦᠨᠳᠦᠷ ᠪᠠᠶᠢᠪᠠᠯ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 300%᠎ ᠪᠠᠷ ᠰᠦᠢᠳᠬᠡᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ᠃      2016 ᠣᠨ ᠳᠤ᠂ ᠮᠠᠨ ᠤ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠳ ᠪᠣᠯ ᠮᠥᠨ ᠬᠦ ᠲᠤᠰ ᠬᠥᠮᠦᠨ ᠤ ᠰᠠᠷ᠎ᠠ ᠶᠢᠨ ᠪᠣᠳᠠᠲᠤ ᠴᠠᠯᠢᠩ ᠶᠣᠰᠣᠭᠠᠷ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠᠨ ᠪᠣᠯᠭᠠᠨ᠎ᠠ᠂ ᠭᠡᠬᠦ ᠳᠡᠭᠡᠨ ᠰᠦᠢᠳᠬᠡᠯ ᠲᠤᠰᠢᠶᠠᠬᠤ ᠬᠠᠮᠤᠭ ᠤᠨ ᠳᠣᠣᠷ᠎ᠠ ᠰᠠᠭᠤᠷᠢ ᠲᠤᠭ᠎ᠠ ᠨᠢ ᠣᠣᠯ ᠳᠠᠭᠠᠨ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 60%᠎ ᠠᠴᠠ ᠳᠣᠣᠷ᠎ᠠ ᠪᠠᠶᠢᠭᠰᠠᠨ ᠢ 60%᠎ ᠪᠠᠷ ᠲᠣᠭᠲᠠᠭᠠᠭᠠᠳ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ 80%᠎ ᠠᠴᠠ ᠳᠣᠣᠷ᠎ᠠ ᠲᠣᠬᠢᠷᠠᠭᠤᠯᠵᠤ᠂ 80%᠎ ᠪᠠᠷ ᠰᠦᠢᠳᠬᠡᠯ ᠲᠤᠰᠢᠶᠠᠬᠤ ᠬᠠᠮᠤᠭ ᠤᠨ ᠳᠣᠣᠷ᠎ᠠ ᠰᠠᠭᠤᠷᠢ ᠲᠤᠭ᠎ᠠ ᠶᠢ ᠲᠣᠭᠲᠠᠭᠠᠨ᠎ᠠ᠃ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ 2015 ᠣᠨ ᠤ ᠪᠦᠬᠦ ᠬᠤᠲᠠ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ 70631 ᠲᠥᠭᠦᠷᠢᠭ ︵ᠰᠠᠷ᠎ᠠ ᠶᠢᠨ ᠳᠤᠮᠳᠠᠴᠢ ᠴᠠᠯᠢᠩ 5886 ᠲᠥᠭᠦᠷᠢᠭ︶᠎ ᠢ ᠦᠨᠳᠦᠰᠦᠯᠡᠪᠡᠯ᠂ 2016 ᠣᠨ ᠳᠤ᠂ ᠮᠠᠨ ᠤ ᠬᠤᠲᠠ ᠶᠢᠨ ᠬᠥᠮᠦᠨ ᠬᠡᠷᠡᠭᠯᠡᠬᠦ ᠨᠢᠭᠡᠴᠡ ᠶᠢᠨ ᠳᠠᠭᠠᠳᠬᠠᠯ ᠳᠤ ᠤᠷᠤᠭᠰᠠᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠤᠭ ᠤᠨ ᠳᠤᠤᠷ᠎ᠠ ᠰᠠᠭᠤᠷᠢ ᠲᠤᠭ᠎ᠠ ᠨᠢ ᠰᠠᠷ᠎ᠠ ᠪᠦᠷᠢ 4709 ᠲᠥᠭᠦᠷᠢᠭ ᠪᠣᠯᠣᠨ᠎ᠠ︔ ᠰᠦᠢᠳᠬᠡᠯ ᠲᠤᠰᠢᠶᠠᠬᠤ ᠬᠠᠮᠤᠭ ᠤᠨ ᠦᠨᠳᠦᠷ ᠰᠠᠭᠤᠷᠢ ᠲᠤᠭ᠎ᠠ ᠨᠢ ᠰᠠᠷ᠎ᠠ ᠪᠦᠷᠢ 17658 ᠲᠥᠭᠦᠷᠢᠭ ᠪᠣᠯᠤᠨ᠎ᠠ᠃ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠳᠤ ᠪᠣᠯ ᠤᠤᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃  ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ᠲᠤᠭ᠎ᠠ ᠪᠦᠷᠢᠳᠬᠡᠯ ᠤᠨ  ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠨᠳᠦᠰᠦᠯᠡᠪᠡᠯ᠂ 6 ᠳ᠋ᠤᠭᠠᠷ ᠰᠠᠷ᠎ᠠ ᠠᠴᠠ ᠡᠬᠢᠯᠡᠨ᠂  ᠮᠠᠨ ᠤ ᠲᠣᠪᠴᠢᠶ᠎ᠠ ᠰᠢᠨ᠎ᠡ ᠲᠦᠷᠦ ᠶᠢᠨ ᠪᠤᠳᠤᠯᠭ᠎ᠠ ᠶᠢ ᠣᠨᠣᠪᠴᠢᠲᠠᠶ ᠡᠵᠡᠮᠰᠢᠵᠦ᠂ ᠠᠵᠢᠯᠳᠠᠨ ᠠᠵᠢᠯᠴᠢᠳ ᠤᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠥᠮᠦᠨ ᠤ ᠲᠤᠭ᠎ᠠ ᠪᠣᠯᠣᠨ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠤᠷᠢᠶᠠᠬᠤ ᠶᠣᠰᠣᠲᠠᠢ ᠰᠦᠢᠳᠬᠡᠯ ᠢ ᠴᠦᠮ ᠬᠤᠷᠢᠶᠠᠬᠤ ᠶᠢ ᠦᠨᠡᠨ ᠬᠦ ᠪᠠᠲᠤᠯᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号