ᠨᠢᠭᠡ ᠳᠤ ︽ᠢᠨᠲ᠋ᠧᠷ ᠰᠦᠯᠵᠢᠶ᠎ᠡ +︾ ᠬᠤᠲᠠ ᠶᠢᠨ ᠬᠠᠮᠢᠶᠠᠷᠤᠯᠲᠠ ᠶᠢ ᠠᠬᠢᠭᠤᠯᠵᠤ᠂ ᠣᠶᠣᠨᠴᠢ | ᠲᠦᠩᠯᠢᠶᠣᠤ ᠶᠢ ᠪᠦᠳᠦᠭᠡᠨ ᠪᠠᠶᠢᠭᠤᠯᠤᠨ᠎ᠠ᠃ ᠡᠨᠡ ᠵᠢᠯ ᠣᠶᠣᠨᠴᠢ ᠵᠠᠮ ᠬᠠᠷᠢᠯᠴᠠᠭ᠎ᠠ᠂ ᠣᠶᠣᠨᠴᠢ ᠬᠥᠮᠦᠵᠢᠯ᠂ | ᠣᠶᠣᠨᠴᠢ ᠵᠢᠭᠤᠯᠴᠢᠯᠠᠯ ᠵᠡᠷᠭᠡ 11 ᠵᠦᠢᠯ ᠤᠨ ᠢᠨᠵᠧᠨᠧᠷᠢᠩ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠷᠢᠯᠴᠠᠨ ᠨᠡᠪᠲᠡᠷᠡᠯᠴᠡᠭᠦᠯᠬᠦ ᠶᠢ ᠪᠡᠶᠡᠯᠡᠭᠦᠯᠦᠨ᠎ᠡ᠃ ᠣᠳᠣᠬᠠᠨ ᠳᠤ᠂ | ᠨᠡᠶᠢᠲᠡ 3.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠸᠢᠳᠢᠣ᠋ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠲᠠᠪᠴᠠᠩ ᠤᠨ ᠲᠥᠷᠥᠯ ᠵᠦᠢᠯ ᠢ ᠨᠢᠭᠡᠨᠲᠡ ᠡᠬᠢᠯᠡᠨ ᠪᠠᠶᠢᠭᠤᠯᠬᠤ᠂ 9 ᠳ᠋ᠦ᠋ᠭᠡᠷ ᠰᠠᠷ᠎ᠠ ᠶᠢᠨ ᠰᠡᠭᠦᠯᠴᠢ ᠪᠠᠷ | ᠠᠰᠢᠭᠯᠠᠯᠲᠠ ᠳᠤ ᠣᠷᠣᠭᠤᠯᠬᠤ ᠪᠣᠯᠣᠨ᠎ᠠ᠃ ᠬᠤᠶᠠᠷ ᠲᠤ ︽ᠢᠨᠲ᠋ᠧᠷ ᠰᠦᠯᠵᠢᠶ᠎ᠡ +︾ ᠬᠤᠳᠠᠯᠳᠤᠭᠠᠨ ᠤ | ᠶᠠᠪᠤᠳᠠᠯ ᠢ ᠲᠦᠯᠬᠢᠨ ᠠᠬᠢᠭᠤᠯᠵᠤ᠂ ᠭᠦᠢᠯᠭᠡᠭᠡᠨ ᠤ ᠠᠷᠭ᠎ᠠ ᠮᠠᠶ᠋ᠢᠭ ᠢ ᠰᠢᠨᠡᠴᠢᠯᠡᠨ᠎ᠡ᠃ ᠲᠦᠩᠯᠢᠶᠣᠤ ᠶᠢᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠦᠢᠯᠡᠳᠦᠯ ᠢ ᠪᠦᠷᠢᠨᠰᠢᠭᠦᠯᠵᠦ᠂ | ᠰᠢᠶᠠᠨ ᠤ ᠬᠡᠪᠴᠢᠶ᠎ᠡ ᠶᠢᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠵᠢᠴᠢ ᠡᠵᠡᠩᠨᠡᠯᠲᠡ ᠶᠢᠨ | ᠲᠥᠪ ᠢ ᠲᠦᠷᠭᠡᠨ ᠪᠠᠶᠢᠭᠤᠯᠵᠤ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠢ | ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠶᠢᠨ | ᠥᠷᠲᠡᠭᠡ ᠶᠢ ᠨᠢᠭᠡᠨᠲᠡ 1866 ᠪᠠᠶᠢᠭᠤᠯᠪᠠ᠃ ᠭᠤᠷᠪᠠ ᠳᠤ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠠᠵᠤ | ᠠᠬᠤᠶ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠢᠨᠲ᠋ᠧᠷ | ᠰᠦᠯᠵᠢᠶ᠎ᠡ ᠪᠠᠷ ᠲᠦᠰᠢᠭ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠢᠳᠡᠰᠢᠨ ᠦᠬᠡᠷ᠂ ᠡᠷᠳᠡᠨᠢ ᠰᠢᠰᠢ᠂ ᠰᠠᠭᠠᠭ᠂ ᠬᠠᠳᠠᠭᠰᠠᠨ ᠤᠯᠠᠭᠠᠨ | ᠯᠠᠵᠢᠶᠣᠣ ᠵᠡᠷᠭᠡ 9 ᠵᠦᠢᠯ ᠤᠨ ᠠᠵᠤ ᠦᠢᠯᠡᠰ ᠤᠨ 1331 ᠪᠠᠷᠢᠮᠵᠢᠶ᠎ᠠ ᠶᠢ ᠲᠣᠭᠲᠠᠭᠠᠵᠤ᠂ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 34 ᠪᠠᠶᠢᠭᠤᠯᠪᠠ ᠃ ︽ᠢᠨᠲ᠋ᠧᠷ ᠰᠦᠯᠵᠢᠶ᠎ᠡ | + ᠲᠠᠷᠢᠶᠠᠯᠠᠩ + ᠰᠢᠨᠵᠢᠯᠡᠬᠦ ᠤᠬᠠᠭᠠᠨ ᠮᠡᠷᠭᠡᠵᠢᠯ︾ ᠢᠵᠢ ᠶᠢ ᠲᠦᠷᠭᠡᠨ ᠳᠡᠯᠭᠡᠷᠡᠭᠦᠯᠵᠦ᠂ ᠤᠰᠤ ᠪᠣᠷᠳᠣᠭᠤᠷ | ᠨᠢᠭᠡ ᠴᠣᠭᠴᠠᠵᠢᠭᠰᠠᠨ ᠨᠠᠷᠢᠯᠢᠭ ᠣᠨᠣᠴᠢᠲᠠᠶ ᠪᠠᠷ ᠤᠰᠤᠯᠠᠬᠤ ᠣᠶᠣᠨᠴᠢᠷ ᠬᠠᠮᠢᠶᠠᠷᠤᠯᠲᠠ ᠶᠢᠨ ᠰᠢᠰᠲ᠋ᠧᠮ ᠪᠠ | ᠮᠡᠳᠡᠭᠡ ᠵᠠᠩᠭᠢᠵᠢᠯᠠᠭᠰᠠᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠮᠤ ᠪᠤᠳᠠᠭᠠᠨ ᠤ ᠴᠢᠳᠠᠮᠵᠢᠳᠤ ᠭᠤᠣᠯ | ᠣᠷᠣᠨ ᠤ ᠲᠠᠷᠢᠶᠠᠴᠢᠨ ᠮᠠᠯᠴᠢᠳ ᠴᠠᠭ ᠢᠮᠠᠭᠲᠠ ᠲᠠᠷᠢᠶᠠᠨ ᠤ ᠮᠡᠳᠡᠭᠡ ᠵᠠᠩᠭᠢ ᠶᠢ ᠬᠢᠨᠠᠨ ᠬᠡᠮᠵᠢᠬᠦ᠂ ᠤᠰᠤᠯᠠᠵᠤ | ᠪᠣᠷᠳᠣᠭᠤᠷ ᠣᠷᠣᠭᠤᠯᠬᠤ ᠵᠡᠷᠭᠡ ᠲᠠᠷᠢᠶᠠᠨ ᠠᠵᠢᠯ ᠢ ᠪᠡᠶᠡᠯᠡᠭᠦᠯᠵᠦ ᠪᠣᠯᠬᠤ ᠪᠣᠯᠪᠠ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠥᠭᠰᠥᠨ ᠨᠡᠬᠡᠮᠵᠢᠯᠡᠬᠦ | ᠲᠠᠪᠴᠠᠩ ᠢ ᠲᠦᠷᠭᠡᠨ ᠪᠠᠶᠢᠭᠤᠯᠵᠤ᠂ ᠪᠦᠬᠦ ᠤᠯᠤᠰ ᠤᠨ ᠠᠩᠬᠠᠳᠠᠭᠴᠢ ᠢᠳᠡᠰᠢᠨ ᠦᠬᠡᠷ ᠤᠨ ᠶᠠᠰᠤ ᠴᠢᠨᠠᠷ ᠤᠨ | ᠠᠮᠤᠷ ᠲᠦᠪᠰᠢᠨ ᠢ ᠥᠭᠰᠥᠨ ᠨᠡᠬᠡᠮᠵᠢᠯᠡᠬᠦ ᠰᠢᠰᠲ᠋ᠧᠮᠵᠢ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠳᠤ ᠨᠢᠭᠡᠨᠲᠡ ᠪᠣᠷᠳᠣᠨ ᠲᠠᠷᠭᠤᠯᠠᠭᠤᠯᠤᠭᠰᠠᠨ 5 ᠲᠦᠮᠡᠨ ᠦᠬᠡᠷ ᠤᠨ ᠶᠠᠰᠤ ᠴᠢᠨᠠᠷ ᠤᠨ ᠠᠮᠤᠷ | ᠲᠦᠪᠰᠢᠨ ᠢ ᠪᠦᠬᠦ ᠶᠠᠪᠤᠴᠠ ᠪᠠᠷ ᠥᠭᠰᠥᠨ ᠨᠡᠬᠡᠮᠵᠢᠯᠡᠵᠦ ᠪᠣᠯᠬᠤ ᠶᠢ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠠᠵᠢᠯ ᠢ ᠵᠢᠯ ᠤᠨ ᠳᠣᠲᠣᠷ᠎ᠠ ᠳᠠᠭᠤᠰᠬᠠᠭᠰᠠᠨ ᠤ ᠲᠠᠷᠠᠭ᠎ᠠ᠂ 10 ᠲᠦᠮᠡᠨ ᠦᠬᠡᠷ ᠢ ᠥᠭᠰᠥᠨ | ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠪᠣᠯᠤᠨ᠎ᠠ᠃ |