ᠥᠪᠥᠷ ᠮᠣᠩᠭᠤᠯ ᠤᠨ 2016 ᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ 16᠎ ᠤ ᠡᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ 
ᠨᠡᠶᠢᠲᠡᠯᠡᠭᠰᠡᠨ ᠴᠠᠭ᠄
2016/6/14
     ︽ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠬᠡᠷᠡᠭᠵᠢᠬᠦᠯᠬᠦ ᠠᠷᠭ᠎ᠠ︾ ᠪᠤᠯᠤᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠶᠠᠮᠤᠨ ᠤ ᠠᠯᠪᠠᠨ ᠵᠠᠷ︾᠎ ᠢ ᠦᠨᠳᠤᠰᠤᠯᠡᠨ᠂ ᠮᠠᠨ ᠤ ᠣᠷᠣᠨ 2016 ᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ ᠠᠷᠭ᠎ᠠ ᠶᠢ ᠬᠡᠷᠡᠭᠵᠢᠭᠦᠯᠵᠦ᠂ ᠨᠡᠷ᠎ᠡ ᠮᠡᠲᠡᠭᠦᠯᠦᠭᠰᠡᠳ ᠰᠦᠯᠵᠢᠶ᠎ᠡ ᠲᠡᠭᠡᠷ᠎ᠡ ᠬᠤᠪᠢ ᠬᠦᠮᠦᠨ ᠤ ᠮᠡᠲᠡᠭᠡ ᠵᠠᠩᠬᠢ ᠪᠠᠨ ᠲᠠᠬᠯᠠᠨ᠂ ᠰᠡᠭᠦᠲᠡᠷ ᠢᠶᠠᠨ ᠳᠠᠮᠵᠢᠭᠤᠯᠵᠣ᠂ ᠰᠢᠯᠭᠠᠯᠲᠠ ᠶᠢᠨ ᠰᠦᠢᠳᠬᠡᠯ ᠢᠶᠠᠨ ᠲᠤᠰᠢᠶᠠᠵᠤ᠂ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ ᠲᠠᠷᠤᠮᠠᠯᠯᠠᠨ᠎ᠠ᠂ ᠨᠡᠷ᠎ᠡ ᠮᠡᠲᠡᠭᠦᠯᠬᠦ ᠴᠠᠬ ᠨᠢ 6 ᠳ᠋ᠤᠭᠠᠷ ᠰᠠᠷ᠎ᠠ ᠶᠢᠨ 16᠎ ᠤ ᠡᠲᠦᠷ ᠠᠴᠠ 7 ᠳ᠋ᠤᠭᠠᠷ ᠰᠠᠷ᠎ᠠ ᠶᠢᠨ 5᠎ ᠤ ᠡᠲᠦᠷ ᠪᠣᠯᠳᠠᠯ᠎ᠠ᠃      ᠨᠡᠷ᠎ᠡ ᠮᠡᠲᠡᠭᠦᠯᠦᠭᠰᠡᠳ ᠲᠤᠬᠲᠠᠬᠰᠠᠨ ᠬᠤᠭᠤᠴᠠᠭᠠᠨ ᠳᠤ ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠠ ᠶᠢᠨ ᠦᠷᠳᠡᠭᠡ ︵http://www.moj.gov.cn︶᠎ ᠳᠤ ᠭᠠᠷᠴᠦ᠂ ᠰᠦᠯᠵᠢᠶ᠎ᠡ ᠲᠡᠭᠡᠷ᠎ᠡ ᠨᠡᠷ᠎ᠡ ᠮᠡᠲᠡᠭᠦᠯᠬᠦ ᠱᠠᠭᠠᠷᠲᠠᠯᠭ᠎ᠠ᠂ ᠡᠮᠬᠢ ᠳᠠᠷᠠᠭᠠᠯᠠᠯ ᠪᠤᠯᠤᠨ ᠠᠯᠬᠤᠮ ᠢᠶᠠᠷ ᠰᠦᠯᠵᠢᠶ᠎ᠡ ᠳᠡᠭᠡᠷ᠎ᠡ ᠨᠡᠷ᠎ᠡ ᠮᠡᠲᠡᠭᠦᠯᠬᠦ ᠬᠡᠷᠡᠭᠲᠡᠢ᠃ ᠬᠤᠭᠤᠴᠠᠭ᠎ᠠ ᠨᠢ ᠳᠣᠯᠪᠠᠯ ᠨᠦᠬᠦᠵᠦ ᠨᠡᠷ᠎ᠡ ᠮᠡᠲᠡᠭᠦᠯᠦᠭᠦᠯᠬᠦ ᠦᠭᠡᠢ᠃ ᠶᠡᠭᠡ ᠳᠡᠭᠡᠳᠤ ᠰᠤᠷᠭᠠᠭᠤᠯᠢ ᠶᠢᠨ ᠬᠠᠤᠯᠢ ᠴᠠᠭᠠᠵᠠ ᠶᠢᠨ ᠳᠤᠰᠬᠠᠢ ᠮᠡᠷᠭᠡᠵᠢᠯ ᠤᠨ ᠵᠢᠩᠬᠢᠨᠢ ᠠᠩᠬᠢ ᠠᠴᠠ ᠳᠡᠬᠦᠰᠦᠭᠰᠡᠨ ᠪᠤᠶᠤ ᠶᠡᠭᠡ ᠳᠡᠭᠡᠳᠤ ᠰᠤᠷᠭᠠᠭᠤᠯᠢ ᠶᠢᠨ ᠬᠠᠤᠯᠢ ᠴᠠᠭᠠᠵᠠ ᠶᠢᠨ ᠪᠣᠰᠣ ᠳᠤᠰᠬᠠᠢ ᠮᠡᠷᠭᠡᠵᠢᠯ ᠤᠨ ᠵᠢᠩᠬᠢᠨᠢ ᠠᠩᠬᠢ ᠠᠴᠠ ᠳᠡᠬᠦᠰᠬᠦ ᠶᠢᠨ ᠬᠠᠮᠳᠣ ᠬᠠᠤᠯᠢ ᠴᠠᠭᠠᠵᠠ ᠶᠢᠨ ᠳᠣᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠪᠠᠯ ᠨᠡᠷ᠎ᠡ ᠮᠡᠳᠡᠭᠦᠯᠵᠦ ᠪᠣᠯᠣᠨ᠎ᠠ᠃ ᠨᠢᠭᠡᠨᠳᠡ A ᠲᠦᠷᠦᠯ ᠤᠨ ᠬᠠᠤᠯᠢ ᠴᠠᠭᠠᠵᠠ ᠶᠢᠨ ᠳᠣᠬᠠᠢᠢᠯᠠᠭᠰᠠᠨ ᠠᠵᠢᠯ ᠤᠨ ᠬᠢᠷᠢ ᠭᠡᠮ ᠤᠨ ᠦᠨᠡᠮᠯᠡᠯ ᠣᠯᠣᠭᠰᠠᠳ᠂ ᠨᠢᠭᠡᠨᠳᠡ B ᠲᠦᠷᠦᠯ ᠤᠨ ᠬᠠᠤᠯᠢ ᠴᠠᠭᠠᠵᠠ ᠶᠢᠨ ᠳᠣᠬᠠᠢᠢᠯᠠᠭᠰᠠᠨ ᠠᠵᠢᠯ ᠤᠨ ᠬᠢᠷᠢ ᠭᠡᠮ ᠤᠨ ᠦᠨᠡᠮᠯᠡᠯ ᠣᠯᠣᠭᠰᠠᠨ ᠪᠣᠯᠪᠠᠴᠣ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠡᠭᠰᠢᠬᠢ ᠰᠣᠷᠭᠠᠭᠤᠯᠢ ᠲᠡᠭᠦᠰᠦᠭᠰᠡᠨ ᠦᠨᠡᠮᠯᠡᠯ ᠣᠯᠤᠭ᠎ᠠ ᠦᠭᠡᠢ ᠬᠦᠮᠦᠰ ᠲᠠᠬᠢᠨᠳᠠ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠳᠤ ᠤᠷᠤᠯᠴᠠᠵᠤ ᠪᠤᠯᠬᠤ ᠦᠭᠡᠢ᠃      2016 ᠣᠨ ᠤ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠳᠤ ᠰᠦᠯᠵᠢᠶ᠎ᠡ ᠳᠡᠭᠡᠷ᠎ᠡ ᠰᠢᠯᠭᠠᠯᠳᠠ ᠶᠢᠨ ᠰᠦᠢᠳᠭᠡᠯ ᠢᠶᠠᠨ ᠳᠣᠰᠢᠶᠠᠬᠤ ᠠᠷᠭ᠎ᠠ ᠶᠢ ᠬᠡᠷᠡᠭᠵᠢᠭᠦᠯᠦᠨ᠎ᠡ᠃ ᠨᠡᠷ᠎ᠡ ᠮᠡᠳᠡᠭᠦᠯᠦᠭᠰᠡᠳ ᠰᠦᠯᠵᠢᠶ᠎ᠡ ᠳᠡᠭᠡᠷ᠎ᠡ ᠨᠡᠷ᠎ᠡ ᠮᠡᠳᠡᠭᠦᠯᠬᠦ ᠦᠶ᠎ᠡ ᠳᠡᠭᠡᠨ᠂ ᠰᠦᠯᠵᠢᠶ᠎ᠡ ᠳᠡᠭᠡᠷ᠎ᠡ ᠰᠦᠢᠳᠭᠡᠯ ᠳᠣᠰᠢᠶᠠᠬᠤ ᠰᠠᠨᠠᠭᠤᠯᠣᠮᠵᠢ ᠶᠢᠨ ᠮᠡᠳᠡᠭᠡ ᠵᠠᠩᠬᠢ ᠶᠢ ᠬᠢᠨᠠᠮᠠᠭᠠᠢ ᠤᠩᠰᠢᠵᠤ᠂ ᠰᠢᠯᠭᠠᠯᠳᠠ ᠶᠢᠨ ᠰᠦᠢᠳᠭᠡᠯ 230 ᠲᠦᠭᠦᠷᠢᠭ ᠳᠣᠰᠢᠶᠠᠨ᠎ᠠ ︵ᠰᠦᠯᠵᠢᠶ᠎ᠡ ᠳᠡᠭᠡᠷ᠎ᠡ ᠰᠦᠢᠳᠭᠡᠯ ᠳᠣᠰᠢᠶᠠᠬᠤ ᠴᠠᠭ ᠢ 7 ᠳ᠋ᠤᠭᠠᠷ ᠰᠠᠷ᠎ᠠ ᠶᠢᠨ 10᠎ ᠤ ᠡᠳᠦᠷ ᠢᠶᠠᠷ ᠬᠢᠵᠠᠭᠠᠷᠯᠠᠪᠠ︶᠃ ᠨᠡᠷ᠎ᠡ ᠮᠡᠳᠡᠭᠦᠯᠦᠭᠰᠡᠳ ᠰᠦᠯᠵᠢᠶ᠎ᠡ ᠳᠡᠭᠡᠷ᠎ᠡ ᠰᠦᠢᠳᠭᠡᠯ ᠢᠶᠠᠨ ᠠᠮᠵᠢᠯᠳᠠ ᠲᠠᠢ ᠳᠣᠰᠢᠶᠠᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠭᠠᠵᠠᠷ ᠢᠶᠠᠨ ᠦᠭᠡᠷᠡᠴᠢᠯᠡᠵᠦ ᠪᠣᠯᠬᠤ ᠦᠭᠡᠢ᠃ ᠬᠤᠪᠢ ᠬᠦᠮᠦᠨ ᠤ ᠰᠢᠯᠳᠠᠭᠠᠨ ᠠᠴᠠ ᠪᠣᠯᠵᠣ ᠨᠡᠷ᠎ᠡ ᠮᠡᠳᠡᠭᠦᠯᠦᠭᠰᠡᠨ ᠴᠢᠨᠢ ᠬᠦᠴᠦᠨ ᠦᠭᠡᠢ ᠪᠣᠯᠣᠭᠰᠠᠨ ᠪᠣᠯ᠂ ᠳᠣᠰᠢᠶᠠᠭᠰᠠᠨ ᠰᠢᠯᠭᠠᠯᠳᠠ ᠶᠢᠨ ᠰᠦᠢᠳᠭᠡᠯ ᠢ ᠪᠣᠴᠠᠭᠠᠬᠤ ᠦᠭᠡᠢ᠃      ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠬᠠᠷᠭᠤᠭᠤᠯᠬᠤ ᠶᠢ ᠳᠠᠮᠵᠢᠭᠠᠳ᠂ ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠭᠰᠡᠳ ᠲᠤ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠣᠯᠭᠤᠨ᠎ᠠ᠃ ᠨᠡᠷ᠎ᠡ ᠮᠡᠳᠡᠭᠦᠯᠦᠭᠰᠡᠳ 9 ᠳ᠋ᠦ᠋ᠭᠡᠷ ᠰᠠᠷ᠎ᠠ ᠶᠢᠨ 9᠎ ᠤ ᠡᠳᠦᠷ ᠠᠴᠠ 9 ᠳ᠋ᠦ᠋ᠭᠡᠷ ᠰᠠᠷ᠎ᠠ ᠶᠢᠨ 23᠎ ᠤ ᠡᠳᠦᠷ ᠪᠣᠯᠳᠠᠯᠠᠬᠢ ᠬᠤᠭᠤᠴᠠᠭᠠᠨ ᠳᠤ ᠬᠠᠣᠯᠢ ᠴᠠᠭᠠᠵᠠ ᠶᠢᠨ ᠶᠠᠮᠣᠨ ᠤ ᠰᠦᠯᠵᠢᠶ᠎ᠡ ᠶᠢᠨ ᠦᠷᠳᠡᠭᠡ ᠳᠤ ᠭᠠᠷᠴᠣ ᠦᠪᠡᠷ ᠢᠶᠠᠨ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠣ ᠳᠠᠷᠣᠮᠠᠯᠯᠠᠵᠣ ᠪᠣᠯᠣᠨ᠎ᠠ᠃ ᠨᠡᠷ᠎ᠡ ᠮᠡᠳᠡᠭᠦᠯᠦᠭᠰᠡᠳ ᠡᠷᠬᠡᠪᠰᠢ ᠰᠢᠯᠭᠠᠭᠤᠯᠬᠤ ᠶᠢ ᠵᠦᠪᠰᠢᠶᠡᠷᠡᠭᠰᠡᠨ ᠦᠨᠡᠮᠯᠡᠯ᠂ ᠬᠦᠴᠦᠨ ᠲᠠᠢ ᠪᠡᠶ᠎ᠡ ᠶᠢᠨ ᠦᠨᠡᠮᠯᠡᠯ ᠢᠶᠠᠷ ᠢᠶᠠᠨ ᠰᠢᠯᠭᠠᠯᠳᠠ ᠳᠤ ᠣᠷᠣᠯᠴᠠᠬᠤ ᠬᠡᠷᠡᠭᠳᠡᠢ᠃ ᠰᠢᠯᠭᠠᠯᠳᠠ ᠶᠢᠨ ᠴᠠᠭ ᠨᠢ 9 ᠳ᠋ᠦ᠋ᠭᠡᠷ ᠰᠠᠷ᠎ᠠ ᠶᠢᠨ 24᠎ ᠤ ᠡᠳᠦᠷ᠂ 25᠎ ᠤ ᠡᠳᠦᠷ᠃ 2016 ᠣᠨ ᠳᠤ᠂ ᠮᠠᠨ ᠤ ᠣᠷᠣᠨ ᠤ ᠣᠯᠣᠰ ᠤᠨ ᠬᠠᠣᠯᠢ ᠴᠠᠭᠠᠵᠠ ᠶᠢᠨ ᠰᠢᠯᠭᠠᠯᠳᠠ ᠳᠤ ᠬᠦᠬᠡᠬᠤᠳᠠ᠂ ᠪᠣᠭᠤᠳᠣ᠂ ᠬᠦᠯᠦᠨ ᠪᠤᠶᠢᠷ᠂ ᠬᠢᠩᠭᠠᠨ᠂ ᠲᠦᠩᠯᠢᠶᠣᠣ᠂ ᠣᠯᠠᠭᠠᠨᠬᠠᠳᠠ᠂ ᠰᠢᠯᠢ ᠶᠢᠨ ᠭᠤᠣᠯ᠂ ᠣᠯᠠᠭᠠᠨᠴᠠᠪ᠂ ᠣᠷᠳᠣᠰ᠂ ᠪᠠᠶᠠᠨᠨᠠᠭᠤᠷ᠂ ᠦᠬᠠᠢ ᠵᠡᠷᠭᠡ 11 ᠰᠢᠯᠭᠠᠯᠳᠠ ᠶᠢᠨ ᠳᠣᠭᠤᠷᠢᠭ ᠳᠣᠬᠢᠷᠠᠭᠤᠯᠣᠨ᠎ᠠ᠂ ᠡᠭᠦᠨ ᠳᠤ ᠦᠬᠠᠢ ᠶᠢᠨ ᠰᠢᠯᠭᠠᠯᠳᠠ ᠶᠢᠨ ᠳᠣᠭᠤᠷᠢᠭ ᠲᠤ ᠦᠬᠠᠢ ᠬᠤᠳᠠ᠂ ᠠᠯᠠᠱᠠ ᠠᠶᠢᠮᠠᠭ ᠢ ᠪᠠᠭᠳᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号