ᠮᠠᠨᠵᠤᠤᠷ ᠬᠤᠳᠠ 2016 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/6/15
     ᠣᠶᠢᠷ᠎ᠠ ᠳᠤ᠂ ᠮᠠᠨᠵᠤᠤᠷ ᠬᠤᠲᠠ 2016 ᠣᠨ ᠤ ᠠᠵᠢᠯᠲᠠᠨ ᠠᠵᠢᠯᠴᠢᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠳᠡᠭᠡᠷ᠎ᠡ ᠳᠣᠣᠷᠠᠬᠢ ᠬᠢᠵᠠᠭᠠᠷ ᠢ ᠨᠡᠶᠢᠲᠡᠯᠡᠪᠡ᠂ ᠬᠠᠮᠤᠭ ᠤᠨ ᠳᠡᠭᠡᠷ᠎ᠡ ᠬᠢᠵᠠᠭᠠᠷ ᠨᠢ 14467.5 ᠲᠥᠭᠦᠷᠢᠭ᠂ ᠬᠠᠮᠤᠭ ᠤᠨ ᠳᠣᠣᠷᠠᠬᠢ ᠬᠢᠵᠠᠭᠠᠷ ᠨᠢ 2893.5 ᠲᠥᠭᠦᠷᠢᠭ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠱᠠᠭᠠᠷᠳᠠᠯᠭ᠎ᠠ ᠶᠢ ᠦᠨᠳᠦᠰᠦᠯᠡᠪᠡᠯ᠂ ᠮᠠᠨᠵᠤᠤᠷ ᠬᠤᠳᠠ ᠶᠢᠨ 2016 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠳ ᠤᠨ ᠳᠤᠮᠳᠠᠴᠢ ᠴᠠᠯᠢᠩ ᠢᠶᠠᠷ ᠪᠠᠷᠢᠮᠵᠢᠶ᠎ᠠ ᠪᠣᠯᠭᠠᠨ᠎ᠠ᠃ ᠪᠦᠬᠦᠶᠢᠯᠡ  ᠳᠠᠭᠠᠳᠬᠠᠯ ᠳᠤ ᠣᠷᠣᠯᠴᠠᠭᠰᠠᠨ ᠨᠢᠭᠡᠴᠡ ᠨᠦᠭᠦᠳ ᠳᠤᠰ ᠨᠢᠭᠡᠴᠡ ᠶᠢᠨ ᠢᠶᠠᠨ ᠠᠵᠢᠯᠲᠠᠨ ᠠᠵᠢᠯᠴᠢᠳ ᠤᠨ ᠴᠠᠯᠢᠩ ᠤᠨ ᠶᠡᠷᠦᠩᠬᠡᠶ ᠲᠤᠭ᠎ᠠ ᠪᠠᠷ ᠰᠠᠭᠤᠷᠢ ᠲᠤᠭ᠎ᠠ ᠪᠣᠯᠭᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠦᠢᠳᠬᠡᠯ ᠢ ᠲᠤᠰᠢᠶᠠᠵᠤ᠂ ᠠᠵᠢᠯᠲᠠᠨ ᠠᠵᠢᠯᠴᠢᠳ ᠤᠨ ᠳᠡᠭᠡᠷ᠎ᠡ ᠵᠢᠯ ᠤᠨ ᠲᠤᠰ ᠬᠥᠮᠦᠨ ᠤ ᠰᠠᠷ᠎ᠠ ᠪᠦᠷᠢ ᠶᠢᠨ ᠳᠤᠮᠳᠠᠴᠢ ᠴᠠᠯᠢᠩ ᠢᠶᠠᠷ ᠰᠠᠭᠤᠷᠢ ᠲᠤᠭ᠎ᠠ ᠪᠣᠯᠭᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠨ᠎ᠠ᠃ ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠳ ᠤᠨ ᠳᠤᠮᠳᠠᠴᠢ ᠴᠠᠯᠢᠩ ᠠᠴᠠ 300%᠎ ᠪᠠᠷ ᠦᠨᠳᠦᠷ ᠪᠣᠯᠣᠭᠰᠠᠨ ᠪᠠᠶᠢᠪᠠᠯ ᠴᠦᠮ14467.5 ᠲᠥᠭᠦᠷᠢᠭ ᠢᠶᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠳ ᠤᠨ ᠳᠤᠮᠳᠠᠴᠢ ᠴᠠᠯᠢᠩ ᠤᠨ 60%᠎ ᠠᠴᠠ ᠳᠣᠣᠷ᠎ᠠ ᠪᠠᠶᠢᠪᠠᠯ ᠴᠥᠮ 2893.5 ᠲᠥᠭᠦᠷᠢᠭ ᠢᠶᠠᠷ ᠲᠣᠭᠲᠠᠭᠠᠨ᠎ᠠ᠃      ᠠᠮᠢᠳᠤᠯᠢᠭ ᠢᠶᠠᠷ ᠠᠵᠢᠯ ᠣᠯᠤᠭᠰᠠᠳ ᠪᠣᠯᠣᠨ ᠳᠠᠩᠰᠠ ᠡᠪᠬᠡᠮᠡᠯ ᠢᠶᠠᠨ ᠬᠠᠳᠠᠭᠠᠯᠠᠭᠤᠯᠤᠭᠠᠳ ᠥᠷᠭᠦᠯᠵᠢᠯᠡᠨ ᠵᠠᠷᠤᠳᠠᠯ ᠲᠤᠰᠢᠶᠠᠬᠤ ᠬᠥᠮᠦᠰ ᠤᠨ 2016 ᠣᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠨᠠᠢᠮᠠᠨ ᠳᠡᠰ ᠬᠤᠪᠢᠶᠠᠵᠤ᠂ ᠲᠤᠰ ᠲᠤᠰ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠳ ᠤᠨ ᠳᠤᠮᠳᠠᠴᠢ ᠴᠠᠯᠢᠩ ᠤᠨ 300%᠂ 200%᠂ 150%᠂ 100%᠂ 90%᠂ 80%᠂ 70%᠂ 60% ᠪᠠᠶᠢᠵᠤ᠂ ᠪᠦᠬᠦ ᠵᠢᠯ ᠳᠤ ᠲᠤᠰ ᠲᠤᠰ 34722 ᠲᠥᠭᠦᠷᠢᠭ᠂ 23148 ᠲᠥᠭᠦᠷᠢᠭ᠂ 17361 ᠲᠥᠭᠦᠷᠢᠭ᠂11574 ᠲᠥᠭᠦᠷᠢᠭ᠂ 10416.6 ᠲᠥᠭᠦᠷᠢᠭ᠂ 9259.2 ᠲᠥᠭᠦᠷᠢᠭ᠂ 8101.8 ᠲᠥᠭᠦᠷᠢᠭ᠂ 6944.4 ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠨ᠎ᠠ᠃ ᠮᠠᠨᠵᠤᠤᠷ ᠬᠤᠲᠠ ᠶᠢᠨ ᠬᠤᠲᠠ ᠪᠠᠯᠭᠠᠰᠤᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠣᠨ ᠠᠮᠢᠳᠤᠯᠢᠭ ᠢᠶᠠᠷ ᠠᠵᠢᠯ ᠣᠯᠤᠭᠰᠠᠳ ᠨᠠᠢᠮᠠᠨ ᠳᠡᠰ ᠤᠨ ᠰᠠᠭᠤᠷᠢ ᠲᠤᠭ᠎ᠠ ᠠᠴᠠ ᠥᠪᠡᠷ ᠤᠨ ᠠᠵᠤ ᠠᠬᠤᠶ ᠶᠢᠨ ᠴᠢᠳᠠᠪᠤᠷᠢ ᠪᠠᠨ ᠦᠨᠳᠦᠰᠦᠯᠡᠨ ᠲᠡᠰ ᠰᠤᠩᠭᠤᠨ ᠰᠦᠢᠳᠬᠡᠯ ᠲᠤᠰᠢᠶᠠᠵᠤ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号