2016 ᠣᠨ ᠳᠤ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠠᠬᠢ ᠰᠤᠷᠭᠠᠭᠤᠯᠢ ᠶᠢᠨ ᠪᠠᠭᠰᠢ ᠨᠠᠷ ᠲᠤ ᠣᠨᠴᠠᠭᠠᠶ ᠠᠵᠢᠯ ᠤᠨ ᠪᠠᠶᠢᠷᠢ ᠭᠠᠷᠭᠠᠬᠤ | ᠲᠥᠯᠥᠪᠯᠡᠭᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢ 15 ᠤ ᠡᠳᠦᠷ ᠨᠡᠶᠢᠲᠡᠯᠡᠪᠡ᠃ ᠰᠢᠯᠭᠠᠭᠤᠯᠤᠭᠴᠢᠳ ︽ | ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾ ᠶᠢᠨ ᠸᠢᠴᠡᠲ ᠤᠨ ᠲᠠᠪᠴᠠᠩ ᠪᠠ ᠥᠪᠥᠷ ᠮᠣᠩᠭᠤᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠯᠠᠪᠯᠠᠨ ᠦᠵᠡᠵᠦ ᠪᠣᠯᠤᠨ᠎ᠠ᠃ | ᠣᠶᠢᠯᠠᠭᠠᠭᠰᠠᠨ ᠢᠶᠠᠷ᠂ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠰᠢᠯᠭᠠᠭᠤᠯᠤᠭᠴᠢᠳ ᠥᠪᠡᠷ ᠤᠨ ᠬᠢᠷᠢ | ᠪᠦᠲᠦᠮᠵᠢ ᠳᠡᠭᠡᠨ ᠮᠠᠳᠠᠭ ᠲᠠᠢ ᠪᠠᠶᠢᠪᠠᠯ᠂ 6 ᠳ᠋ᠤᠭᠠᠷ ᠰᠠᠷ᠎ᠠ ᠶᠢᠨ 18 ᠤ ᠡᠳᠦᠷ ᠤᠨ 18 ᠴᠠᠭ ᠠᠴᠠ ᠡᠮᠦᠨ᠎ᠡ | ᠰᠦᠯᠵᠢᠶᠡᠨ ᠳᠡᠭᠡᠷ᠎ᠡ ᠬᠢᠷᠢ ᠪᠦᠲᠦᠮᠵᠢ ᠪᠠᠨ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠂ ᠬᠤᠭᠤᠴᠠᠭ᠎ᠠ ᠠᠴᠠ | ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ 6 ᠳ᠋ᠤᠭᠠᠷ ᠰᠠᠷ᠎ᠠ ᠶᠢᠨ 19 ᠤ ᠡᠳᠦᠷ ᠠᠵᠢᠯ ᠤᠨ ᠪᠠᠶᠢᠷᠢ | ᠶᠢᠨ ᠲᠥᠯᠥᠪᠯᠡᠭᠡ ᠶᠣᠰᠣᠭᠠᠷ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠃ ᠲᠣᠭᠲᠠᠭᠠᠯ ᠢ | ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ | ᠣᠯᠭᠤᠬᠤ ᠵᠢᠯᠣᠭᠤᠳᠤᠮᠵᠢ ᠶᠢᠨ ᠲᠥᠪ ᠠᠴᠠ ᠪᠢᠷ ᠤᠨ ᠰᠢᠯᠭᠠᠯᠲᠠ ᠳᠤ ᠬᠢᠷᠢ ᠲᠡᠩᠴᠡᠵᠦ ᠨᠢᠭᠤᠷᠲᠠᠨ ᠰᠢᠯᠭᠠᠬᠤ ᠳᠤ | ᠣᠷᠣᠯᠴᠠᠬᠤ ᠪᠠᠷ ᠵᠢᠱᠢᠭᠰᠡᠳ ᠤᠨ ᠬᠢᠷᠢ ᠬᠡᠮ ᠢ ᠳᠠᠬᠢᠨ ᠨᠢᠭᠡ ᠤᠳᠠᠭ᠎ᠠ ᠬᠢᠨᠠᠨ ᠪᠠᠶᠢᠴᠠᠭᠠᠵᠤ᠂ ᠨᠥᠬᠦᠴᠡᠯ ᠳᠤ | ᠨᠡᠶᠢᠴᠡᠬᠦ ᠦᠭᠡᠢ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃ ᠨᠢᠭᠤᠷᠳᠠᠬᠤ ᠰᠢᠯᠭᠠᠯᠲᠠ ᠳᠤ | ᠣᠷᠣᠯᠴᠠᠬᠤ ᠬᠥᠮᠥᠨ ᠤ ᠲᠤᠭ᠎ᠠ ᠶᠢ ᠪᠢᠷ ᠤᠨ ᠰᠢᠯᠭᠠᠯᠲᠠ ᠳᠤ ᠬᠢᠷᠢ ᠲᠡᠩᠴᠡᠭᠰᠡᠨ ᠬᠥᠮᠥᠨ ᠤ ᠲᠣᠭᠠᠨ ᠤ 1:3 ᠶᠢᠨ | ᠬᠠᠷᠢᠴᠠᠯ ᠢᠶᠠᠷ ᠲᠣᠭᠲᠠᠭᠠᠨ᠎ᠠ᠃ ᠨᠢᠭᠤᠷᠳᠠᠬᠤ ᠰᠢᠯᠭᠠᠯᠲᠠ ︵ᠲᠤᠷᠰᠢᠨ ᠬᠢᠴᠢᠶᠡᠯᠯᠡᠬᠦ︶ ᠶᠢᠨ ᠠᠵᠢᠯ ᠢ ᠠᠶᠢᠮᠠᠭ | ᠬᠤᠳᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ | ᠪᠠᠶᠢᠭᠤᠯᠵᠤ᠂ ᠤᠷᠢᠭᠳᠠᠭᠰᠠᠳ ᠤᠨ ᠶᠡᠷᠦᠩᠬᠡᠶ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ | ᠴᠢᠳᠠᠪᠤᠷᠢ ᠶᠢ ᠭᠤᠣᠯᠳᠠᠯᠭ᠎ᠠ ᠲᠠᠢ ᠪᠠᠷ ᠰᠢᠯᠭᠠᠨ ᠪᠠᠶᠢᠴᠠᠭᠠᠬᠤ ᠮᠥᠷᠲᠡᠭᠡᠨ ᠪᠠᠰᠠ ᠨᠢᠭᠤᠷᠳᠠᠨ ᠰᠢᠯᠭᠠᠭᠤᠯᠤᠭᠴᠢᠳ ᠢ | ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃ ᠨᠢᠭᠤᠷᠲᠠᠨ ᠰᠢᠯᠭᠠᠬᠤ ᠴᠠᠭ ᠨᠢ 2016 ᠣᠨ ᠤ 6 | ᠳ᠋ᠤᠭᠠᠷ ᠰᠠᠷ᠎ᠠ ᠶᠢᠨ 20 ᠤ ᠡᠳᠦᠷ ᠠᠴᠠ 7 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠪᠣᠳᠠᠲᠠᠶ ᠴᠠᠭ ᠪᠣᠯᠣᠨ | ᠭᠠᠵᠠᠷ ᠢ ᠬᠠᠮᠢᠶ᠎ᠠ ᠪᠦᠬᠦᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠰᠢᠯᠭᠠᠭᠤᠯᠤᠭᠴᠢᠳ ᠲᠤ ᠮᠡᠳᠡᠭᠳᠡᠬᠦ ᠪᠣᠯᠬᠤᠷ ᠥᠪᠡᠷ ᠤᠨ ᠨᠡᠷ᠎ᠡ ᠮᠡᠳᠡᠭᠦᠯᠬᠦ ᠦᠶᠡᠰ | ᠳᠠᠩᠰᠠᠯᠠᠭᠤᠯᠤᠭᠰᠠᠨ ᠬᠠᠷᠢᠯᠴᠠᠬᠤ ᠤᠲᠠᠰᠤ ᠪᠠᠨ 24 ᠴᠠᠭ ᠢᠶᠠᠷ ᠨᠡᠭᠡᠭᠡᠯᠲᠡ ᠲᠠᠢ ᠪᠠᠶᠢᠯᠭᠠᠭᠠᠷᠠᠢ᠃ |