ᠪᠠᠶᠠᠨᠨᠠᠭᠤᠷ ᠬᠤᠳᠠ ᠣᠨᠴᠠᠭᠠᠶ ᠬᠡᠦᠬᠡᠳ ᠪᠠᠭᠠᠴᠤᠳ ᠢ ᠨᠢᠭᠡ ᠶᠢ ᠴᠦ ᠲᠡᠪᠴᠢᠬᠦ ᠦᠭᠡᠢ ᠪᠠᠷ ᠰᠤᠷᠭᠠᠭᠤᠯᠢ ᠳᠤ ᠣᠷᠤᠭᠤᠯᠵᠤ ᠪᠣᠢ
ᠨᠡᠶᠢᠲᠡᠯᠡᠭᠰᠡᠨ ᠴᠠᠭ᠄
2016/6/17
     ᠣᠶᠢᠷ᠎ᠠ ᠳᠤ᠂ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2016 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠤᠨ ᠲᠤᠬᠠᠶ ᠮᠡᠳᠡᠭᠳᠡᠯ ᠨᠡᠶᠢᠲᠡᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠳ ᠢ ᠱᠠᠭᠠᠷᠳᠠᠭᠰᠠᠨ ᠨᠢ᠂ ᠬᠠᠷᠠᠭ᠎ᠠ᠂ ᠰᠣᠨᠣᠷ ᠦᠭᠡ ᠬᠡᠯᠡ ᠪᠠ ᠤᠶᠤᠨ ᠤ ᠴᠢᠳᠠᠪᠤᠷᠢ ᠵᠡᠷᠭᠡ ᠭᠤᠷᠪᠠᠨ ᠲᠥᠷᠥᠯ ᠤᠨ ᠵᠡᠮᠳᠡᠭ ᠬᠡᠦᠬᠡᠳ ᠤᠳ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠬᠤᠳᠠ ᠶᠢᠨ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ᠂ ᠶᠡᠷᠦ ᠶᠢᠨ ᠰᠤᠷᠭᠠᠭᠤᠯᠢ ᠶᠢᠨ ᠣᠨᠴᠠᠭᠠᠶ ᠰᠤᠷᠭᠠᠨ ᠬᠥᠮᠦᠵᠢᠯ ᠤᠨ ᠠᠩᠭᠢ ᠶᠢᠨ ᠰᠤᠷᠤᠭᠴᠢ ᠡᠯᠰᠡᠬᠦ ᠪᠠ ᠶᠡᠷᠦ ᠶᠢᠨ ᠰᠤᠷᠭᠠᠭᠤᠯᠢ ᠨᠢ ᠵᠡᠮᠳᠡᠭ ᠬᠡᠦᠬᠡᠳ ᠪᠠᠭᠠᠴᠤᠳ ᠢ ᠬᠦᠯᠢᠶᠡᠨ ᠠᠪᠴᠤ ᠠᠩᠭᠢ ᠳᠠᠭᠠᠭᠤᠯᠤᠨ ᠰᠤᠷᠤᠯᠴᠠᠭᠤᠯᠬᠤ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠤᠷᠤᠭᠤᠯᠤᠭᠰᠠᠨ ᠪᠥᠭᠡᠳ ᠡᠭᠦᠷᠭᠡ ᠶᠢ ᠰᠤᠷᠭᠠᠭᠤᠯᠢ ᠳᠤ ᠨᠠᠶᠢᠳᠠᠪᠤᠷᠢᠵᠢᠭᠤᠯᠵᠦ᠂ ᠵᠡᠮᠳᠡᠭ ᠬᠡᠦᠬᠡᠳ ᠪᠠᠭᠠᠴᠤᠳ ᠤᠨ ᠰᠤᠷᠬᠤ ᠨᠠᠰᠤᠨ ᠳᠠᠭᠠᠨ ᠰᠤᠷᠭᠠᠭᠤᠯᠢ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠨᠢ ᠰᠣᠨᠣᠷ ᠪᠠ ᠦᠭᠡ ᠬᠡᠯᠡ ᠵᠡᠮᠳᠡᠭ ᠬᠡᠦᠬᠡᠳ ᠪᠠᠭᠠᠴᠤᠳ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠪᠠ ᠰᠤᠷᠤᠭᠴᠢ ᠡᠯᠰᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠪᠥᠭᠡᠳ ᠶᠡᠷᠦ ᠶᠢᠨ ᠳᠤᠮᠳᠠᠳᠤ ᠪᠠᠭ᠎ᠠ ᠰᠤᠷᠭᠠᠭᠤᠯᠢ ᠨᠤᠭᠤᠳ ᠎ ᠲᠠᠢ ᠵᠡᠷᠭᠡᠪᠡᠷ ᠰᠤᠷᠤᠬᠴᠢ ᠡᠯᠰᠡᠬᠦ ᠬᠡᠷᠡᠭᠲᠡᠢ᠃ ᠶᠡᠷᠦ ᠶᠢᠨ ᠳᠤᠮᠳᠠᠳᠤ ᠪᠠᠭ᠎ᠠ ᠰᠤᠷᠭᠠᠭᠤᠯᠢ ᠨᠢ ᠲᠤᠰ ᠰᠤᠷᠭᠠᠭᠤᠯᠢ ᠶᠢᠨ ᠦᠢᠯᠡᠴᠢᠯᠡᠭᠡᠨ ᠤ ᠬᠡᠪᠴᠢᠶᠡᠨ ᠳᠠᠬᠢ ᠰᠤᠷᠭᠠᠭᠤᠯᠢ ᠳᠤ ᠰᠤᠷᠤᠯᠴᠠᠵᠤ ᠳᠡᠶᠢᠯᠬᠦ ᠭᠤᠷᠪᠠᠨ ᠲᠥᠷᠥᠯ ᠤᠨ ᠵᠡᠮᠳᠡᠭ ᠬᠡᠦᠬᠡᠳ ᠪᠠᠭᠠᠴᠤᠳ ᠢ ᠬᠠᠤᠯᠢ ᠶᠣᠰᠣᠭᠠᠷ ᠬᠦᠯᠢᠶᠡᠨ ᠠᠪᠴᠤ ᠠᠩᠭᠢ ᠳᠠᠭᠠᠭᠤᠯᠤᠨ ᠰᠤᠷᠤᠯᠴᠠᠭᠤᠯᠬᠤ ᠬᠡᠷᠡᠭᠲᠡᠢ᠂ ᠲᠡᠪᠴᠢᠵᠦ ᠪᠣᠯᠬᠤ ᠤᠢᠭᠡᠢ᠃ ᠵᠡᠮᠳᠡᠭ ᠬᠡᠦᠬᠡᠳ ᠢ ᠬᠦᠯᠢᠶᠡᠨ ᠠᠪᠴᠤ ᠠᠩᠭᠢ ᠳᠠᠭᠠᠭᠤᠯᠤᠨ ᠰᠤᠷᠤᠯᠴᠠᠭᠤᠯᠬᠤ ᠬᠡᠤᠬᠡᠳ ᠤᠨ ᠰᠤᠷᠭᠠᠭᠤᠯᠢ ᠳᠤ ᠣᠷᠣᠬᠤ ᠨᠠᠰᠤ ᠶᠢ ᠶᠡᠷᠦ ᠶᠢᠨ ᠬᠡᠦᠬᠡᠳ ᠲᠠᠢ ᠠᠳᠠᠯᠢᠬᠠᠨ ᠪᠠᠶᠢᠯᠭᠠᠵᠤ᠂ ᠣᠨᠴᠠᠭᠠᠶ ᠪᠠᠶᠢᠳᠠᠯ ᠳᠣᠣᠷ᠎ᠠ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ᠃ ᠵᠡᠮᠳᠡᠭ ᠤᠨ ᠬᠡᠮᠵᠢᠶ᠎ᠡ ᠨᠢ ᠨᠡᠯᠢᠶᠡᠳ ᠬᠦᠨᠳᠦ᠂ ᠰᠤᠷᠭᠠᠭᠤᠯᠢ ᠳᠤ ᠣᠷᠤᠵᠤ ᠰᠤᠷᠤᠯᠴᠠᠵᠤ ᠴᠢᠳᠠᠬᠤ ᠦᠭᠡᠶ ᠰᠤᠷᠤᠭᠴᠢ ᠳᠤ᠂ ᠭᠡᠷ ᠲᠤᠨᠢ ᠬᠦᠷᠴᠦ ᠰᠤᠷᠭᠠᠨ ᠬᠥᠮᠦᠵᠢᠭᠦᠯᠬᠦ ᠬᠠᠷᠢᠭᠤᠴᠠᠯᠭ᠎ᠠ ᠲᠠᠢ ᠰᠤᠷᠭᠠᠭᠤᠯᠢ ᠨᠢ ᠰᠤᠷᠭᠠᠭᠤᠯᠢ ᠶᠢᠨ ᠬᠠᠷᠢᠶᠠᠨ ᠳᠠᠭᠠᠨ ᠣᠷᠤᠭᠤᠯᠵᠤ ᠂ ᠭᠡᠷ ᠲᠤ ᠨᠢ ᠬᠦᠷᠴᠦ ᠰᠤᠷᠭᠠᠨ ᠬᠦᠮᠦᠵᠢᠯ ᠬᠦᠷᠲᠡᠭᠡᠬᠦ ᠬᠡᠷᠡᠭᠲᠡᠢ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号