ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ | ᠣᠶᠢᠯᠠᠭᠠᠭᠰᠠᠨ ᠢᠶᠠᠷ᠂ 2016 ᠣᠨ ᠤ 6 ᠳ᠋ᠤᠭᠠᠷ ᠰᠠᠷ᠎ᠠ ᠶᠢᠨ ᠪᠦᠬᠦ ᠤᠯᠤᠰ ᠤᠨ ᠶᠡᠭᠡ ᠳᠡᠭᠡᠳᠦ | ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠰᠢᠯᠭᠠᠯᠲᠠ ᠪᠠ ᠨᠠᠰᠤᠨ ᠳᠤ ᠬᠦᠷᠦᠭᠰᠡᠳ ᠤᠨ | ᠵᠢᠩᠬᠢᠨᠢ ᠠᠩᠭᠢ ᠶᠢᠨ ᠰᠤᠷᠤᠯᠭ᠎ᠠ ᠶᠢᠨ ᠴᠣᠯᠠ ᠶᠢᠨ ᠭᠠᠳᠠᠭᠠᠳᠤ ᠬᠡᠯᠡ ︵ᠭᠤᠷᠪᠠᠳᠤᠭᠠᠷ ᠳᠡᠰ ᠤᠨ︶ ᠶᠢ 6 ᠳ᠋ᠤᠭᠠᠷ | ᠰᠠᠷ᠎ᠠ ᠶᠢᠨ 18 ᠤ ᠡᠳᠦᠷ ᠪᠣᠯᠤᠨ 19 ᠤ ᠡᠳᠦᠷ ᠰᠢᠯᠭᠠᠨ᠎ᠠ᠃ | ᠣᠶᠢᠯᠠᠭᠠᠭᠰᠠᠨ ᠢᠶᠠᠷ᠂ ᠠᠩᠭ᠍ᠯᠢ ᠬᠡᠯᠡᠨ ᠤ ᠳᠥᠷᠪᠡᠳᠦᠭᠡᠷ ᠳᠡᠰ ᠪᠠ ᠠᠩᠭ᠍ᠯᠢ ᠬᠡᠯᠡᠨ ᠤ ᠵᠢᠷᠭᠤᠳᠤᠭᠠᠷ ᠳᠡᠰ ᠤᠨ | ᠰᠢᠨ᠎ᠡ ᠰᠡᠳᠦᠪ ᠤᠨ ᠬᠡᠯᠪᠡᠷᠢ ᠶᠢ ᠲᠤᠰ ᠤᠳᠠᠭᠠᠨ ᠤ ᠰᠢᠯᠭᠠᠯᠲᠠ ᠠᠴᠠ ᠡᠬᠢᠯᠡᠵᠦ ᠬᠡᠷᠡᠭᠯᠡᠨ᠎ᠡ᠂ ᠤᠤᠯ ᠤᠨ | ᠰᠡᠳᠦᠪ ᠤᠨ ᠬᠡᠯᠪᠡᠷᠢ ᠶᠢᠨ ᠰᠠᠭᠤᠷᠢᠨ ᠳᠡᠭᠡᠷ᠎ᠡ᠂ ᠥᠩᠭᠡᠷᠡᠭᠰᠡᠨ ᠤ ᠰᠣᠨᠣᠰᠴᠤ ᠪᠢᠴᠢᠬᠦ ᠰᠡᠳᠦᠪ ᠤᠨ | ᠬᠡᠯᠪᠡᠷᠢ ᠨᠦᠭᠦᠳ ᠢ ᠬᠦᠴᠦᠨ ᠤᠢᠭᠡᠢ ᠪᠣᠯᠭᠠᠪᠠ᠃ ᠠᠩᠭ᠍ᠯᠢ ᠬᠡᠯᠡᠨ ᠤ ᠳᠥᠷᠪᠡᠳᠦᠭᠡᠷ ᠳᠡᠰ ᠤᠨ ᠰᠣᠨᠣᠰᠬᠤ | ᠴᠢᠳᠠᠪᠤᠷᠢ ᠶᠢᠨ ᠰᠢᠯᠭᠠᠯᠲᠠ ᠶᠢᠨ ᠴᠠᠭ ᠢ 30 ᠮᠢᠨᠦ᠋ᠲ ᠠᠴᠠ 25 ᠮᠢᠨᠦ᠋ᠲ ᠪᠣᠯᠭᠠᠨ ᠪᠣᠭᠤᠨᠢᠰᠬᠠᠵᠤ᠂ ᠠᠩᠭ᠍ᠯᠢ | ᠬᠡᠯᠡᠨ ᠤ ᠵᠢᠷᠭᠤᠳᠤᠭᠠᠷ ᠳᠡᠰ ᠤᠨ ᠰᠣᠨᠣᠰᠬᠤ ᠴᠢᠳᠠᠪᠤᠷᠢ ᠶᠢᠨ ᠰᠢᠯᠭᠠᠯᠲᠠ ᠶᠢᠨ ᠴᠠᠭ ᠨᠢ ᠮᠥᠨ ᠯᠠ 30 ᠮᠢᠨᠦ᠋ᠲ | ᠪᠣᠯᠣᠨ᠎ᠠ᠂ ᠲᠣᠬᠢᠷᠠᠭᠤᠯᠤᠭᠰᠠᠨ ᠤ ᠳᠠᠷᠠᠭᠠᠬᠢ ᠠᠩᠭ᠍ᠯᠢ ᠬᠡᠯᠡᠨ ᠤ ᠳᠥᠷᠪᠡᠳᠦᠭᠡᠷ ᠳᠡᠰ ᠤᠨ ᠰᠢᠯᠭᠠᠯᠲᠠ ᠳᠠᠭᠤᠰᠬᠤ | ᠴᠠᠭ ᠨᠢ 5 ᠮᠢᠨᠦ᠋ᠲ ᠪᠣᠭᠤᠨᠢᠰᠪᠠ᠃ | ᠰᠢᠯᠭᠠᠬᠤ ᠴᠠᠭ ᠬᠤᠭᠤᠴᠠᠭ᠎ᠠ ᠄ 6 ᠳ᠋ᠤᠭᠠᠷ ᠰᠠᠷ᠎ᠠ ᠶᠢᠨ 18 ᠤ ᠡᠳᠦᠷ ︵ᠭᠠᠷᠠᠭ ᠤᠨ ᠵᠢᠷᠭᠤᠭᠠᠨ︶ ᠤᠨ | ᠦᠳᠡ ᠶᠢᠨ ᠡᠮᠦᠨ᠎ᠡ ᠶᠢᠨ 9᠄ 00 — 11᠄ 20 ᠴᠠᠭ ᠲᠤ ᠶᠡᠭᠡ ᠳᠡᠭᠡᠳᠦ ᠰᠤᠷᠭᠠᠭᠤᠯᠢ ᠶᠢᠨ ᠠᠩᠭ᠍ᠯᠢ | ᠬᠡᠯᠡᠨ ᠤ ᠳᠥᠷᠪᠡᠳᠦᠭᠡᠷ ᠳᠡᠰ ᠤᠨ ᠰᠢᠯᠭᠠᠯᠲᠠ ᠂ 15᠄ 00 — 17 : 25 ᠴᠠᠭ ᠲᠤ ᠶᠡᠭᠡ ᠳᠡᠭᠡᠳᠦ | ᠰᠤᠷᠭᠠᠭᠤᠯᠢ ᠶᠢᠨ ᠠᠩᠭ᠍ᠯᠢ ᠬᠡᠯᠡᠨ ᠤ ᠵᠢᠷᠭᠤᠳᠤᠭᠠᠷ ᠳᠡᠰ ᠤᠨ ᠰᠢᠯᠭᠠᠯᠲᠠ︔ 6 ᠳ᠋ᠤᠭᠠᠷ ᠰᠠᠷ᠎ᠠ ᠶᠢᠨ 19 ᠤ ᠡᠳᠦᠷ | ︵ᠭᠠᠷᠠᠭ ᠤᠨ ᠡᠳᠦᠷ︶ ᠤᠨ 15᠄ 00 — 17 : 00 ᠴᠠᠭ ᠲᠤ ᠨᠠᠰᠤᠨ ᠳᠤ ᠬᠦᠷᠦᠭᠰᠡᠳ ᠤᠨ ᠵᠢᠩᠬᠢᠨᠢ | ᠠᠩᠭᠢ ᠶᠢᠨ ᠰᠤᠷᠤᠯᠭ᠎ᠠ ᠶᠢᠨ ᠴᠣᠯᠠ ᠶᠢᠨ ᠭᠠᠳᠠᠭᠠᠳᠤ ᠬᠡᠯᠡᠨ ᠤ ᠰᠢᠯᠭᠠᠯᠲᠠ ︵ᠭᠤᠷᠪᠠᠳᠤᠭᠠᠷ ᠳᠡᠰ︶᠃ ᠳᠡᠭᠡᠷ᠎ᠡ | ᠳᠤᠷᠠᠳᠤᠭᠰᠠᠨ ᠰᠢᠯᠭᠠᠭᠤᠯᠤᠭᠴᠢᠳ ᠰᠢᠯᠭᠠᠬᠤ ᠠᠴᠠ ᠡᠮᠦᠨ᠎ᠡ ᠨᠢᠭᠡ ᠭᠠᠷᠠᠭ ᠲᠤ ᠨᠡᠷ᠎ᠡ ᠮᠡᠳᠡᠭᠦᠯᠦᠭᠰᠡᠨ ᠰᠦᠯᠵᠢᠶᠡᠨ | ᠠᠴᠠ ᠪᠠᠨ ᠰᠢᠯᠭᠠᠬᠤ ᠶᠢ ᠵᠥᠪᠰᠢᠶᠡᠷᠡᠭᠰᠡᠨ ᠦᠨᠡᠮᠯᠡᠯ ᠢᠶᠠᠨ ᠪᠠᠭᠤᠯᠭᠠᠨ ᠠᠪᠴᠤ᠂ ᠰᠢᠯᠭᠠᠬᠤ ᠦᠶ᠎ᠡ ᠳᠤ ᠪᠡᠶ᠎ᠡ ᠶᠢᠨ | ᠦᠨᠡᠮᠯᠡᠯ ᠂ ᠰᠢᠯᠭᠠᠬᠤ ᠶᠢ ᠵᠥᠪᠰᠢᠶᠡᠷᠡᠭᠰᠡᠨ ᠦᠨᠡᠮᠯᠡᠯ᠂ ᠰᠤᠷᠤᠭᠴᠢ ᠶᠢᠨ ᠦᠨᠡᠮᠯᠡᠯ ︵ᠰᠤᠷᠭᠠᠭᠤᠯᠢ ᠳᠤ ᠪᠠᠶᠢᠭ᠎ᠠ | ᠰᠤᠷᠤᠭᠴᠢ︶ ᠢᠶᠠᠨ ᠠᠪᠴᠤ ᠰᠢᠯᠭᠠᠯᠲᠠ ᠳᠤ ᠣᠷᠣᠯᠴᠠᠨ᠎ᠠ᠃ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ | ᠠᠩᠭ᠍ᠯᠢ ᠬᠡᠯᠡᠨ ᠤ ᠳᠥᠷᠪᠡ ᠵᠢᠷᠭᠤᠳᠤᠭᠠᠷ ᠳᠡᠰ ᠤᠨ ᠰᠢᠯᠭᠠᠯᠲᠠ ᠶᠢ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ | ᠳᠤ ᠨᠡᠶᠢᠳᠡ 31 ᠰᠢᠯᠭᠠᠯᠲᠠ ᠶᠢᠨ ᠴᠢᠭ᠋ ᠲᠣᠬᠢᠷᠠᠭᠤᠯᠵᠤ᠂ ᠨᠠᠰᠤᠨ ᠳᠤ ᠬᠦᠷᠦᠭᠰᠡᠳ ᠤᠨ ᠵᠢᠩᠬᠢᠨᠢ ᠠᠩᠭᠢ ᠶᠢᠨ | ᠰᠤᠷᠤᠯᠭ᠎ᠠ ᠶᠢᠨ ᠴᠣᠯᠠ ᠶᠢᠨ ᠭᠠᠳᠠᠭᠠᠳᠤ ᠬᠡᠯᠡ ︵ᠭᠤᠷᠪᠠᠳᠤᠭᠠᠷ ᠳᠡᠰ ᠤᠨ︶ ᠳᠤ 30 ᠰᠢᠯᠭᠠᠯᠲᠠ ᠶᠢᠨ ᠴᠢᠭ᠋ | ᠲᠣᠬᠢᠷᠠᠭᠤᠯᠪᠠ᠃ ᠰᠢᠯᠭᠠᠭᠤᠯᠤᠭᠴᠢᠳ ᠬᠡᠷᠪᠡ ᠲᠣᠭᠲᠠᠭᠠᠯ ᠠᠴᠠ ᠵᠥᠷᠢᠴᠡᠪᠡᠯ᠂ ︽ᠤᠯᠤᠰ ᠤᠨ ᠰᠤᠷᠭᠠᠨ | ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠳ ᠢ ᠰᠢᠢᠳᠪᠦᠷᠢᠯᠡᠬᠦ ᠠᠷᠭ᠎ᠠ︾ ᠵᠢᠴᠢ ᠬᠤᠯᠪᠣᠭᠳᠠᠯ | ᠪᠦᠬᠦᠢ ᠲᠣᠭᠲᠠᠭᠠᠯ ᠢᠶᠠᠷ ᠰᠢᠢᠳᠪᠦᠷᠢᠯᠡᠨ᠎ᠡ᠃ ᠲᠣᠭᠲᠠᠭᠠᠯ ᠠᠴᠠ ᠵᠥᠷᠢᠴᠡᠭᠰᠡᠨ ᠪᠣᠳᠠᠲᠤ ᠶᠠᠪᠤᠳᠠᠯ | ᠢ ᠰᠢᠯᠭᠠᠭᠤᠯᠤᠭᠴᠢᠳ ᠤᠨ ᠢᠲᠡᠭᠡᠮᠵᠢ ᠶᠢᠨ ᠳᠠᠩᠰᠠ ᠡᠪᠬᠡᠮᠡᠯ ᠳᠤ ᠣᠷᠣᠭᠤᠯᠤᠨ᠎ᠠ᠃ |